| | | | 2025 ᠣᠨ ᠠᠴᠠ ᠨᠠᠰᠢ᠂ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠪᠠ ᠲᠤᠭ᠎ᠠ ᠪᠠᠷᠢᠮᠳᠡ ᠶᠢᠨ ᠬᠠᠮᠢᠶᠠᠷᠤᠯᠳᠠ ᠶᠢᠨ ᠲᠤᠪᠴᠢᠶ᠎ᠠ | ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾ ᠵᠦᠢᠯᠡᠰ ᠤᠨ 310 ᠵᠦᠢᠯ ᠢ | ᠨᠠᠶᠢᠳᠠᠪᠤᠷᠢᠵᠢᠭᠤᠯᠬᠤ ᠶᠢ ᠠᠬᠢᠭᠤᠯᠵᠤ᠂ ᠣᠯᠠᠨ ᠲᠦᠮᠡᠨ ᠤ ᠠᠵᠢᠯ ᠶᠠᠪᠤᠳᠠᠯ ᠬᠦᠢᠴᠡᠳᠬᠡᠬᠦ ᠳᠤ ᠲᠥᠬᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠦᠨ᠂ ᠪᠡᠶ᠎ᠡ ᠶᠢᠨ | ᠦᠨᠡᠮᠯᠡᠯ ᠢ ᠣᠨᠳᠣᠤ ᠭᠠᠵᠠᠷ ᠲᠤ 188 ᠬᠤᠪᠢ ᠭᠤᠶᠤᠴᠢᠯᠡᠵᠦ᠂ ᠪᠤᠰᠤᠳ ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾ ᠭᠦᠢᠴᠡᠳᠬᠡᠬᠦ ᠵᠦᠢᠯᠡᠰ ᠢ 18 | ᠬᠤᠪᠢ ᠭᠦᠢᠴᠡᠳᠬᠡᠵᠦ᠂ ᠥᠷᠭᠡᠨ ᠣᠯᠠᠨ ᠲᠦᠮᠡᠨ ᠪᠠ ᠠᠵᠤ ᠠᠬᠤᠶᠢᠯᠠᠯ ᠳᠤ ᠨᠠᠩ ᠰᠢᠯᠢᠳᠡᠭ᠂ ᠳᠥᠭᠦᠮ ᠳᠥᠲᠡ᠂ ᠥᠨᠳᠥᠷ ᠪᠦᠲᠦᠮᠵᠢᠲᠡᠶ ᠵᠠᠰᠠᠭ ᠤᠨ | ᠶᠠᠪᠤᠳᠠᠯ ᠤᠨ ᠦᠢᠯᠡᠴᠢᠯᠡᠭᠡ ᠬᠠᠩᠭᠠᠪᠠ᠃ | ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾ ᠠᠷᠭ᠎ᠠ ᠪᠠᠷ ᠣᠨᠳᠣᠤ ᠭᠠᠵᠠᠷ ᠲᠤ ᠬᠦᠴᠦᠨ ᠦᠬᠡᠢ ᠪᠤᠯᠭᠠᠬᠤ ᠵᠠᠮ ᠢ ᠰᠠᠭᠠᠳ ᠥᠬᠡᠶ ᠨᠡᠪᠲᠡᠷᠡᠭᠦᠯᠪᠡ᠃ | ᠯᠢᠦ ᠠᠪᠠᠭ᠋ᠠᠶ ᠪᠠᠭᠠᠷᠢᠨ ᠪᠠᠷᠠᠭᠤᠨ ᠬᠤᠰᠢᠭᠤᠨ ᠤ ᠵᠠᠰᠠᠭ ᠤᠨ ᠶᠠᠪᠤᠳᠠᠯ ᠤᠨ ᠶᠡᠭᠡ ᠲᠢᠩᠬᠢᠮ ᠳᠤ ᠭᠠᠶᠢᠯᠢ ᠳᠤ ᠬᠤᠯᠪᠣᠭᠳᠠᠭᠰᠠᠨ ᠲᠤᠬᠠᠶᠢᠯᠠᠭᠰᠠᠨ ᠠᠵᠢᠯ ᠢ ᠬᠦᠯᠢᠶᠡᠬᠦ | ᠬᠤᠭᠤᠴᠠᠭᠠᠨ ᠳᠤ᠂ ᠶᠡᠷᠦᠩᠬᠡᠶᠢᠯᠡᠭᠰᠡᠨ ᠦᠢᠯᠡᠴᠢᠯᠡᠭᠡᠨ ᠤ ᠴᠣᠩᠬᠤᠨ ᠳᠤ ᠬᠦᠷᠴᠦ ᠡᠵᠡᠩᠨᠡᠯᠲᠡ ᠶᠢᠨ ᠦᠨᠡᠮᠯᠡᠯ ᠢ ᠣᠨᠳᠣᠤ ᠭᠠᠵᠠᠷ ᠲᠤ ᠬᠦᠴᠦᠨ ᠥᠬᠡᠶ ᠪᠣᠯᠭᠠᠬᠤ | ᠭᠠᠷᠳᠠᠮ ᠢ ᠯᠠᠪᠯᠠᠵᠤ᠂ ᠠᠵᠢᠯᠲᠠᠳ ᠨᠠᠷᠢᠨ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾ ᠦᠢᠯᠡᠴᠢᠯᠡᠭᠡᠨ ᠤ | ᠲᠣᠭᠲᠠᠴᠠ ᠶᠢ ᠡᠬᠢᠯᠡᠭᠦᠯᠵᠦ᠂ ᠬᠤᠩᠱᠠᠨ ᠲᠣᠭᠤᠷᠢᠭ ᠤᠨ ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾ ᠲᠤᠰᠬᠠᠶ ᠬᠤᠯᠪᠣᠭ᠎ᠠ ᠲᠠᠢ ᠰᠠᠨᠠᠭᠠᠴᠢᠯᠠᠭ᠎ᠠ ᠠᠴᠠ ᠪᠠᠨ | ᠵᠣᠯᠭᠠᠭᠤᠯᠵᠤ᠂ ᠪᠥᠬᠦ ᠶᠠᠪᠤᠴᠠ ᠳᠤ ᠬᠠᠪᠰᠤᠷᠤᠯᠭ᠎ᠠ ᠬᠠᠩᠭᠠᠵᠤ᠂ ᠲᠤᠬᠠᠶ ᠶᠢᠨ ᠬᠥᠮᠦᠨ ᠢ ᠠᠯᠤᠰ ᠠᠴᠠ ᠵᠢᠯᠣᠭᠤᠳᠤᠨ ᠰᠢᠯᠵᠢᠮᠡᠯ ᠦᠵᠦᠭᠦᠷ ᠢᠶᠠᠷ ᠳᠠᠮᠵᠢᠭᠤᠯᠤᠨ | ᠬᠥᠮᠦᠨ ᠤ ᠵᠢᠰᠦ ᠶᠢ ᠢᠯᠭᠠᠨ ᠲᠠᠨᠢᠬᠤ ᠪᠡᠶ᠎ᠡ ᠶᠢᠨ ᠭᠠᠷᠤᠯ ᠢ ᠬᠠᠷᠭᠤᠭᠤᠯᠤᠨ ᠪᠠᠶᠢᠴᠠᠭᠠᠬᠤ ᠶᠠᠪᠤᠴᠠ ᠶᠢ ᠪᠡᠶᠡᠯᠡᠭᠦᠯᠵᠦ᠂ ᠣᠯᠠᠨ ᠲᠦᠮᠡᠨ ᠳᠤ ᠣᠨᠳᠣᠤ ᠭᠠᠵᠠᠷ ᠲᠤ | ᠠᠵᠢᠯ ᠶᠠᠪᠤᠳᠠᠯ ᠭᠦᠢᠴᠡᠳᠬᠡᠬᠦ ᠳᠤ ᠳᠥᠭᠦᠮ ᠳᠥᠲᠡ ᠪᠠᠶᠢᠳᠠᠯ ᠢ ᠦᠨᠡᠨ ᠬᠦ ᠮᠡᠳᠡᠷᠡᠭᠦᠯᠪᠡ᠃ | ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾ ᠠᠷᠭ᠎ᠠ ᠪᠠᠷ ᠰᠤᠷᠤᠭᠴᠢᠳ ᠤᠨ ᠦᠨᠡᠮᠯᠡᠯ ᠠᠪᠬᠤ ᠵᠠᠮ ᠢ ᠰᠠᠭᠠᠳ ᠦᠭᠡᠢ ᠨᠡᠪᠳᠡᠷᠡᠬᠦᠯᠪᠡ᠃ ᠣᠶᠢᠷ᠎ᠠ ᠳᠤ᠂ | ᠵᠠᠩ ᠪᠠᠭᠰᠢ ᠵᠠᠰᠠᠭ ᠤᠨ ᠶᠠᠪᠤᠳᠠᠯ ᠤᠨ ᠶᠡᠭᠡ ᠲᠢᠩᠬᠢᠮ ᠤᠨ ᠳᠣᠲᠣᠭᠠᠳᠤ ᠶᠢ ᠬᠠᠮᠠᠭᠠᠯᠠᠬᠤ ᠴᠤᠩᠬᠤᠪᠴᠢ ᠳᠤ ᠬᠦᠷᠴᠦ ᠲᠦᠩᠯᠢᠶᠣᠤ ᠬᠤᠲᠠ ᠶᠢᠨ ᠡᠷᠦᠬᠡ ᠠᠮᠠ ᠶᠢᠨ | ᠲᠠᠩᠰᠠ ᠲᠠᠢ ᠰᠤᠷᠤᠭᠴᠢ ᠶᠢᠨ ᠠᠩᠬ᠎ᠠ ᠤᠳᠠᠭ᠎ᠠ ᠪᠡᠶ᠎ᠡ ᠶᠢᠨ ᠦᠨᠡᠮᠯᠡᠯ ᠭᠤᠶᠤᠴᠢᠯᠠᠨ ᠠᠪᠬᠤ ᠶᠠᠪᠤᠴᠠ ᠶᠢ ᠠᠰᠠᠭᠤᠨ ᠯᠠᠪᠯᠠᠵᠤ᠂ ᠴᠤᠩᠬᠤᠪᠴᠢ ᠶᠢᠨ ᠠᠵᠢᠯᠲᠠᠨ | ᠨᠠᠷᠢᠨ ᠪᠠᠶᠢᠳᠠᠯ ᠢ ᠣᠶᠢᠯᠠᠭᠠᠭᠰᠠᠨ ᠤ ᠳᠠᠷᠠᠭ᠎ᠠ᠂ ᠵᠠᠩ ᠪᠠᠭᠰᠢ ᠳᠤ ︽ᠪᠥᠬᠦ ᠣᠷᠣᠨ ᠳᠤ ᠨᠡᠶᠢᠳᠡᠮ ᠭᠦᠢᠴᠡᠳᠬᠡᠬᠦ︾ ᠦᠢᠯᠡᠴᠢᠯᠡᠬᠡᠨ ᠤ ᠵᠠᠭᠪᠤᠷ ᠢᠶᠠᠷ ᠳᠠᠮᠵᠢᠭᠤᠯᠤᠨ | ᠣᠨᠳᠣᠤ ᠭᠠᠵᠠᠷ ᠲᠤ ᠪᠡᠶ᠎ᠡ ᠶᠢᠨ ᠦᠨᠡᠮᠯᠡᠯ ᠭᠦᠢᠴᠡᠳᠬᠡᠵᠦ ᠪᠣᠯᠤᠨ᠎ᠠ᠂ ᠲᠣᠰ ᠬᠥᠮᠦᠨ ᠨᠢ ᠳᠣᠲᠣᠭᠠᠳᠤ ᠶᠢ ᠬᠠᠮᠠᠭᠠᠯᠠᠬᠤ ᠴᠤᠩᠬᠤᠪᠴᠢ ᠳᠤ ᠢᠷᠡᠵᠦ ᠬᠦᠢᠴᠡᠳᠬᠡᠪᠡᠯ | ᠪᠣᠯᠴᠢᠬᠠᠨ᠎ᠠ ᠭᠡᠵᠦ ᠮᠡᠳᠡᠭᠳᠡᠪᠡ᠃ ᠰᠤᠷᠤᠭᠴᠢᠳ ᠤᠨ ᠴᠠᠭ ᠤᠨ ᠲᠣᠬᠢᠷᠠᠭᠤᠯᠤᠯᠲᠠ ᠳᠤ ᠳᠥᠭᠦᠮ ᠦᠭᠡᠢ ᠪᠠᠶᠢᠳᠠᠯ ᠢ ᠦᠨᠳᠦᠰᠦᠯᠡᠨ᠂ ᠴᠠᠭ ᠢ ᠤᠷᠲᠤᠳᠬᠠᠨ | ᠦᠢᠯᠡᠴᠢᠯᠡᠭᠡ ᠬᠠᠩᠭᠠᠵᠤ᠂ ᠰᠤᠷᠤᠭᠴᠢᠳ ᠤᠨ ᠦᠨᠡᠮᠯᠡᠯ ᠠᠪᠬᠤ ᠠᠷᠭ᠎ᠠ ᠵᠠᠮ ᠢ ᠰᠠᠭᠠᠳ ᠦᠭᠡᠢ ᠨᠡᠪᠳᠡᠷᠡᠬᠦᠯᠪᠡ᠃ | ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠪᠠ ᠲᠤᠭ᠎ᠠ ᠪᠠᠷᠢᠮᠲᠠ ᠶᠢᠨ ᠬᠠᠮᠢᠶᠠᠷᠤᠯᠳᠠ ᠶᠢᠨ ᠲᠣᠪᠴᠢᠶ᠎ᠠ ᠨᠢ ︽ | ᠪᠠᠷᠢᠮᠵᠢᠶ᠎ᠠ ᠶᠢ ᠨᠢᠭᠡᠳᠬᠡᠬᠦ᠂ ᠬᠠᠷᠢᠯᠴᠠᠨ ᠡᠷᠬᠡ ᠣᠯᠭᠤᠬᠤ᠂ ᠣᠨᠳᠣᠤ ᠭᠠᠵᠠᠷ ᠲᠤ ᠭᠥᠯᠢᠶᠡᠨ ᠠᠪᠴᠤ ᠰᠢᠢᠳᠪᠦᠷᠢᠯᠡᠬᠦ᠂ ᠠᠯᠤᠰ ᠠᠴᠠ ᠭᠦᠢᠴᠡᠳᠭᠡᠬᠦ᠂ ᠬᠠᠮᠵᠢᠯᠴᠠᠨ | ᠬᠥᠳᠡᠯᠦᠯᠴᠡᠬᠦ︾ ᠦᠢᠯᠡᠴᠢᠯᠡᠭᠡᠨ ᠤ ᠵᠠᠭᠪᠤᠷ ᠢ ᠠᠬᠢᠭᠤᠯᠤᠨ ᠲᠡᠭᠦᠯᠳᠡᠷᠵᠢᠭᠦᠯᠵᠦ᠂ ︽ᠲᠤᠭ᠎ᠠ ᠪᠠᠷᠢᠮᠲᠠ ᠶᠢ ᠢᠯᠡᠭᠦᠬᠡᠨ ᠭᠦᠶᠦᠯᠭᠡᠵᠦ᠂ ᠣᠯᠠᠨ ᠲᠦᠮᠡᠨ ᠢ ᠳᠤᠲᠠᠭᠤ | ᠭᠦᠶᠦᠯᠭᠡᠬᠦ︾ ᠶᠢ ᠬᠡᠪ ᠤᠨ ᠪᠠᠶᠢᠳᠠᠯ ᠪᠣᠯᠭᠠᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠨ᠎ᠡ᠃ |