| | | | ᠣᠶᠢᠷ᠎ᠠ ᠶᠢᠨ ᠵᠢᠯ ᠳᠤ᠂ ᠪᠠᠶᠠᠨᠬᠤᠰᠢᠭᠤ ᠪᠠᠯᠭᠠᠰᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠪᠠᠷ ᠵᠢᠯᠣᠭᠤᠳᠣᠯᠭ᠎ᠠ | ᠪᠣᠯᠭᠠᠵᠤ᠂ ᠲᠠᠷᠢᠶᠠᠯᠠᠩ ᠮᠠᠯ ᠠᠵᠤ ᠠᠬᠤᠶ ᠰᠣᠯᠪᠢᠴᠠᠭᠰᠠᠨ ᠣᠷᠣᠨ ᠤ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠨ᠂ ᠬᠦᠷᠢᠶ᠎ᠡ ᠬᠠᠰᠢᠶᠠᠨ ᠤ ᠠᠵᠤ | ᠠᠬᠤᠶ ᠶᠢᠨ ︽ᠢᠮᠠᠬᠤ ᠭᠠᠵᠠᠷ︾ ᠢ ᠭᠦᠨᠵᠡᠭᠡᠶ ᠠᠰᠢᠭᠯᠠᠨ᠂ ︽ᠤᠯᠠᠮᠵᠢᠯᠠᠯᠲᠤ ᠠᠵᠤ ᠦᠢᠯᠡᠰ ᠢ ᠲᠠᠰ ᠲᠡᠪᠰᠢᠬᠦᠯᠬᠦ + ᠰᠢᠨ᠎ᠡ ᠪᠠᠷ ᠬᠥᠭᠵᠢᠭᠰᠡᠨ ᠵᠠᠭᠪᠤᠷ ᠢᠶᠠᠷ | ᠰᠢᠪᠳᠤᠯᠬᠤ+ ᠤᠨᠴᠠᠯᠢᠬᠳᠤ ᠢᠳᠡᠭᠡᠨ ᠤ ᠣᠷᠣᠯᠭ᠎ᠠ ᠶᠢ ᠨᠡᠮᠡᠭᠳᠡᠭᠦᠯᠬᠦ︾ ᠣᠯᠠᠨ ᠡᠰᠢᠲᠦ ᠠᠷᠭ᠎ᠠ ᠵᠠᠮ ᠢᠶᠠᠷ ᠲᠠᠮᠵᠢᠭᠤᠯᠤᠨ᠂ ︽ᠵᠢᠯ ᠪᠤᠯᠭᠠᠨ ᠬᠢᠯᠠᠰ ᠴᠡᠭ ᠲᠠᠢ᠂ | ᠲᠣᠰᠬᠤᠨ ᠪᠦᠷᠢ ᠳᠤ ᠣᠨᠴᠠᠯᠢᠭ ᠲᠠᠢ ᠪᠠᠶᠢᠬᠤ︾ ᠬᠥᠭᠵᠢᠯᠲᠡ ᠶᠢᠨ ᠪᠠᠶᠢᠷᠢᠰᠢᠯ ᠢ ᠪᠣᠶ ᠪᠣᠯᠭᠠᠪᠠ᠃ | 2024 ᠣᠨ ᠳᠤ᠂ ᠪᠠᠶᠠᠨᠬᠤᠰᠢᠭᠤ ᠪᠠᠯᠭᠠᠰᠤ ᠮᠠᠯ ᠠᠵᠤ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠳᠤ ᠠᠩᠬᠠᠷᠤᠯ ᠢᠶᠠᠨ | ᠲᠥᠪᠯᠡᠷᠡᠭᠦᠯᠵᠦ᠂ ︽ᠬᠤᠨᠢ ᠪᠠᠷ ᠬᠤᠨᠢ ᠶᠢ ᠰᠤᠯᠢᠬᠤ︾ ᠬᠦᠷᠢᠶ᠎ᠡ ᠬᠠᠰᠢᠶ᠎ᠠ ᠶᠢᠨ ᠲᠡᠵᠢᠭᠡᠨ ᠦᠷᠡᠵᠢᠭᠦᠯᠬᠦ ᠵᠠᠭᠪᠤᠷ ᠢ ᠰᠢᠨ᠎ᠡ ᠪᠠᠷ ᠡᠭᠦᠳᠦᠨ ᠭᠠᠷᠭᠠᠪᠠ᠃ ︽ᠶᠠᠰᠤ | ᠴᠢᠨᠠᠷ ᠢ ᠲᠠᠰ ᠳᠡᠪᠰᠢᠭᠦᠯᠵᠦ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠬᠦ︾ ᠬᠤᠤᠰ ᠬᠦᠷᠳᠦ ᠪᠠᠷ ᠬᠥᠳᠡᠯᠭᠡᠭᠦᠷ ᠪᠣᠯᠭᠠᠬᠤ ᠵᠠᠭᠪᠤᠷ ᠢ ᠬᠡᠷᠡᠭᠵᠢᠭᠦᠯᠵᠦ᠂ | ᠲᠣᠰ ᠭᠠᠵᠠᠷ ᠣᠷᠣᠨ ᠤ ᠡᠭᠦᠯᠳᠡᠷ ᠤᠨ ᠬᠤᠨᠢ ᠦᠷᠡᠵᠢᠭᠦᠯᠦᠨ ᠪᠤᠶᠢᠵᠢᠭᠤᠯᠬᠤ ᠠᠵᠤ ᠠᠬᠤᠶᠢᠯᠠᠯ ᠯᠤᠭ᠎ᠠ ᠬᠠᠮᠲᠤᠷᠠᠯᠴᠠᠨ᠂ ᠡᠩ ᠤᠨ ᠡᠭᠦᠯᠳᠡᠷ ᠤᠨ ᠡᠬᠡ ᠬᠤᠨᠢ ᠪᠠᠷ | ᠴᠢᠨᠠᠷ ᠰᠠᠶᠢᠲᠠᠶ ᠰᠠᠭᠤᠷᠢ ᠡᠮ᠎ᠡ ᠬᠤᠨᠢ ᠶᠢ ᠰᠣᠯᠢᠵᠤ ᠬᠤᠳᠠᠯᠳᠤᠨ ᠠᠪᠤᠨ᠎ᠠ︔ ᠬᠦᠷᠢᠶ᠎ᠡ ᠬᠠᠰᠢᠶ᠎ᠠ ᠶᠢᠨ ᠠᠵᠤ ᠠᠬᠤᠶ ᠶᠢ ᠲᠡᠳᠬᠦᠬᠦ ᠪᠠᠯᠠ ᠮᠥᠩᠭᠦ ᠶᠢ ᠠᠰᠢᠭᠯᠠᠨ | ᠱᠠᠩᠨᠠᠯ ᠨᠥᠬᠦᠪᠥᠷᠢ ᠬᠠᠩᠭᠠᠵᠤ᠂ ᠵᠦᠷᠢᠶᠡᠴᠢᠯᠡᠭᠰᠡᠨ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠂ ᠮᠠᠯᠵᠢᠬᠤ ᠲᠠᠷᠢᠶᠠᠯᠠᠬᠤ ᠡᠷᠦᠬᠡ ᠶᠢᠨ ᠴᠢᠨᠠᠷ | ᠰᠠᠶᠢᠲᠠᠶ ᠰᠠᠭᠤᠷᠢ ᠬᠡᠬᠡᠯᠢ ᠲᠠᠢ ᠡᠮ᠎ᠡ ᠬᠤᠨᠢ ᠬᠤᠳᠠᠯᠳᠤᠨ ᠠᠪᠬᠤ ᠶᠢ ᠳᠡᠮᠵᠢᠨ᠎ᠡ︔ ᠣᠯᠠᠨ ᠡᠰᠢᠵᠢᠭᠰᠡᠨ ᠣᠷᠣᠯᠭ᠎ᠠ ᠪᠠᠨ ᠨᠡᠮᠡᠭᠳᠡᠭᠦᠯᠬᠦ ᠠᠷᠭ᠎ᠠ ᠵᠠᠮ ᠢ ᠨᠡᠭᠡᠭᠡᠵᠦ᠂ | ᠪᠥᠬᠦ ᠪᠠᠯᠭᠠᠰᠤᠨ ᠤ ᠮᠢᠬᠠᠨ ᠬᠤᠨᠢ ᠲᠡᠵᠢᠭᠡᠨ ᠦᠷᠡᠵᠢᠭᠦᠯᠬᠦ ᠬᠡᠪᠴᠢᠶᠡᠵᠢᠯᠲᠡ᠂ ᠪᠠᠷᠢᠮᠵᠢᠶᠠᠵᠢᠭᠤᠯᠤᠯᠲᠠ ᠶᠢ ᠪᠦᠲᠦᠮᠵᠢᠲᠡᠶ ᠠᠬᠢᠭᠤᠯᠤᠨ᠎ᠠ︔ ᠲᠡᠵᠢᠭᠡᠨ ᠦᠷᠡᠵᠢᠭᠦᠯᠬᠦ | ᠮᠡᠷᠭᠡᠵᠢᠯ ᠤᠨ ᠪᠣᠯᠪᠠᠰᠤᠷᠠᠭᠤᠯᠤᠯ ᠬᠢᠭᠡᠳ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠦᠢᠯᠡᠴᠢᠯᠡᠭᠡ ᠶᠢ ᠵᠡᠷᠭᠡ ᠳᠤᠨᠢ ᠢᠵᠢ ᠪᠦᠷᠢᠳᠦᠭᠦᠯᠵᠦ᠂ ᠮᠠᠯᠵᠢᠬᠤ | ᠲᠠᠷᠢᠶᠠᠯᠠᠬᠤ ᠡᠷᠦᠬᠡ ᠶᠢᠨ ᠰᠢᠨ᠎ᠡ ᠡᠭᠦᠯᠳᠡᠷ ᠤᠨ ᠬᠤᠨᠢ ᠲᠡᠵᠢᠭᠡᠨ ᠦᠷᠡᠵᠢᠭᠦᠯᠬᠦ ᠲᠦᠭᠰᠢᠭᠦᠷᠢ ᠶᠢᠨ ᠲᠤᠬᠠᠶ ᠰᠠᠨᠠᠭᠠᠰᠢᠷᠠᠯ ᠢ ᠠᠷᠢᠯᠭᠠᠪᠠ᠃ | ᠣᠯᠠᠨ ᠴᠢᠳᠠᠮᠵᠢᠲᠤ ᠫᠧᠩ ᠶᠢᠨ ᠪᠦᠬᠦ ᠪᠠᠯᠭᠠᠰᠤ ᠪᠠᠷ ᠲᠦᠯᠬᠢᠨ ᠠᠬᠢᠭᠤᠯᠬᠤ ᠲᠥᠷᠥᠯ ᠵᠦᠢᠯ ᠤᠨ ᠰᠢᠨ᠎ᠡ ᠶᠢ ᠡᠭᠦᠳᠦᠨ ᠬᠡᠷᠡᠭᠵᠢᠭᠦᠯᠵᠦ᠂ ︽ᠦᠨᠳᠦᠰᠦᠨ | ᠵᠦᠢᠯ ᠤᠨ ᠪᠠᠲᠤᠯᠠᠭ᠎ᠠ + ᠱᠠᠲᠤᠯᠢᠭ ᠲᠡᠳᠬᠦᠨ ᠳᠡᠮᠵᠢᠬᠦ︾ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠪᠠᠶᠢᠭᠤᠯᠵᠤ᠂ ᠬᠢᠨᠠᠨ ᠬᠡᠮᠵᠢᠬᠦ ᠡᠷᠦᠬᠡ ᠬᠢᠭᠡᠳ | ᠶᠠᠳᠠᠭᠤ ᠠᠴᠠ ᠠᠩᠭᠢᠵᠢᠷᠠᠭᠰᠠᠨ ᠡᠷᠦᠬᠡ ᠳᠤ ᠵᠦᠷᠢᠶᠡᠴᠢᠯᠡᠭᠰᠡᠨ ᠨᠥᠬᠦᠪᠥᠷᠢ ᠥᠭᠬᠦ ᠶᠢ ᠬᠡᠷᠡᠭᠵᠢᠭᠦᠯᠵᠦ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠰᠡᠷᠭᠡᠶᠢᠯᠡᠯᠲᠡ ᠶᠢᠨ | ᠱᠤᠭᠤᠮ ᠢ ᠪᠠᠲᠤ ᠪᠠᠬᠢ ᠪᠠᠶᠢᠭᠤᠯᠵᠤ᠂ ᠪᠡᠶ᠎ᠡ ᠪᠠᠨ ᠳᠠᠭᠠᠭᠠᠭᠰᠠᠨ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠨ᠎ᠡ᠃ ᠲᠥᠰᠦᠭᠡᠯᠡᠨ ᠪᠤᠳᠤᠬᠤ ᠢᠶᠠᠷ᠂ ᠣᠯᠠᠨ | ᠴᠢᠳᠠᠮᠵᠢᠳᠤ ᠫᠧᠩ ᠤᠨ ᠵᠢᠯ ᠤᠨ ᠦᠢᠯᠡᠳᠬᠦᠨ ᠤ ᠥᠷᠲᠡᠭ ᠢ ᠡᠩ ᠤᠨ ᠲᠣᠮᠣ ᠬᠦᠯᠡᠮᠵᠢ ᠲᠠᠢ ᠠᠳᠠᠯᠢᠳᠬᠠᠪᠠᠯ 40% ᠢᠶᠠᠷ ᠲᠡᠭᠡᠭᠰᠢᠯᠡᠵᠦ᠂ ᠲᠥᠷᠥᠯ ᠵᠦᠢᠯ ᠢ | ᠦᠢᠯᠡᠳᠪᠦᠷᠢᠯᠡᠭᠰᠡᠨ ᠤ ᠳᠠᠷᠠᠭ᠎ᠠ ᠡᠷᠦᠬᠡ ᠪᠦᠷᠢ ᠶᠢᠨ ᠳᠤᠮᠳᠠᠴᠢ ᠵᠢᠯ ᠤᠨ ᠣᠷᠣᠯᠭ᠎ᠠ ᠶᠢ 2000 ᠲᠥᠭᠦᠷᠢᠭ ᠠᠴᠠ ᠳᠡᠭᠡᠭᠰᠢ ᠨᠡᠮᠡᠭᠳᠡᠭᠦᠯᠵᠦ᠂ ᠬᠦᠷᠢᠶ᠎ᠡ | ᠬᠠᠰᠢᠶ᠎ᠠ ᠶᠢᠨ ᠣᠷᠣᠨ ᠵᠠᠶ ᠶᠢᠨ ᠠᠰᠢᠭᠯᠠᠯᠲᠠ ᠶᠢᠨ ᠨᠣᠷᠮ᠎ᠠ ᠪᠠ ᠭᠠᠷᠭᠠᠯᠲᠠ ᠶᠢᠨ ᠦᠷ᠎ᠡ ᠠᠰᠢᠭ ᠤᠨ ᠲᠠᠯ᠎ᠠ ᠪᠠᠷ ︽ᠬᠤᠤᠰ ᠳᠡᠭᠡᠭᠰᠢᠯᠡᠯᠲᠡ︾ ᠶᠢ ᠪᠡᠶᠡᠯᠡᠭᠦᠯᠦᠨ᠎ᠡ᠃ | ᠣᠳᠣᠬᠠᠨ ᠳᠤ᠂ ᠪᠥᠬᠦ ᠪᠠᠯᠭᠠᠰᠤᠨ ᠤ 11 ᠭᠠᠴᠠᠭ᠎ᠠ ᠲᠣᠰᠬᠤᠨ ᠳᠤ ᠨᠢᠭᠡᠨᠲᠡ 116 ᠪᠠᠷᠢᠮᠵᠢᠶᠠᠵᠢᠭᠤᠯᠤᠭᠰᠠᠨ ᠣᠯᠠᠨ ᠴᠢᠳᠠᠮᠵᠢᠲᠤ ᠫᠧᠩ ᠪᠠᠶᠢᠭᠤᠯᠵᠤ᠂ | ᠭᠠᠭᠴᠠ ᠬᠦᠯᠡᠮᠵᠢ ᠳᠤ ︽ᠬᠠᠪᠤᠷ ᠤᠨ ᠴᠢᠬᠢ ᠪᠤᠶᠢᠵᠢᠭᠤᠯᠬᠤ᠂ ᠨᠠᠮᠤᠷ ᠤᠷᠤᠢ ᠬᠤᠷᠢᠶᠠᠬᠤ᠂ ᠡᠪᠦᠯ ᠤᠨ ᠮᠠᠯ ᠬᠠᠮᠠᠭᠠᠯᠠᠬᠤ︾ ᠨᠡᠶᠢᠯᠡᠮᠡᠯ ᠴᠢᠳᠠᠮᠵᠢ ᠶᠢ ᠪᠡᠶᠡᠯᠡᠭᠦᠯᠪᠡ | ᠃ | ᠤᠨᠴᠠᠯᠢᠭᠳᠤ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ ᠶᠢ ᠬᠥᠭᠵᠢᠭᠦᠯᠵᠦ᠂ ᠴᠠᠭᠠᠨ ᠢᠳᠡᠭᠡᠨ ᠢᠶᠠᠷ ᠬᠦᠷᠢᠶ᠎ᠡ ᠬᠠᠰᠢᠶᠠᠨ ᠤ ᠠᠵᠤ ᠠᠬᠤᠢ ᠶᠢᠨ | ᠰᠢᠨ᠎ᠡ ᠨᠡᠮᠡᠭᠳᠡᠯ ᠤᠨ ᠴᠡᠭ ᠢ ᠬᠥᠳᠡᠯᠭᠡᠨ᠎ᠡ᠃ ᠲᠣᠰᠬᠤᠨ ᠤ ᠠᠷᠠᠳ ᠵᠢᠶᠠᠩ ᠶᠦᠩ ᠴᠧᠨ ᠤ ᠭᠡᠷ ᠲᠤ ᠬᠦᠷᠬᠦ ᠳᠤ᠂ ᠲᠡᠭᠦᠨ ᠤ ᠡᠬᠡᠨᠡᠷ ᠮᠧᠳᠡᠭ ︽ᠠᠶᠠᠨᠳᠠᠭᠠᠨ | ᠢᠰᠬᠦ᠂ ᠵᠦᠭᠡᠯᠡᠨ ᠭᠠᠯ ᠢᠶᠠᠷ ᠴᠢᠨᠠᠬᠤ᠂ ᠳᠠᠬᠢᠨ ᠳᠠᠪᠲᠠᠨ ᠨᠤᠬᠤᠯᠠᠬᠤ᠂ ᠬᠡᠪ ᠵᠠᠭᠪᠤᠷ ᠲᠤ ᠬᠡᠪᠰᠢᠭᠦᠯᠬᠦ︾ ᠤᠯᠠᠮᠵᠢᠯᠠᠯᠲᠤ ᠠᠵᠢᠯ ᠤᠨ ᠳᠠᠷᠠᠭᠠᠯᠠᠯ ᠢᠶᠠᠷ ᠴᠠᠭᠠᠨ | ᠢᠳᠡᠭᠡ ᠬᠢᠵᠦ ᠪᠠᠶᠢᠨ᠎ᠠ᠃ ᠡᠨᠡ ᠬᠦ ᠦᠨᠳᠦᠰᠦᠲᠡᠨ ᠤ ᠠᠭᠤᠰᠤᠯᠴᠠᠭᠰᠠᠨ ᠭᠡᠷ ᠪᠦᠯᠢ ᠳᠤ ᠬᠦᠷᠢᠶ᠎ᠡ ᠬᠠᠰᠢᠶᠠᠨ ᠤ ᠠᠵᠤ ᠠᠬᠤᠢ ᠶᠢᠨ ᠨᠥᠬᠦᠪᠥᠷᠢ 5 ᠲᠦᠮᠡᠨ | ᠲᠥᠭᠦᠷᠢᠭ ᠭᠤᠶᠤᠴᠢᠯᠠᠵᠤ᠂ ᠴᠠᠭᠠᠨ ᠢᠳᠡᠭᠡᠨ ᠤ ᠵᠢᠵᠢᠭ ᠦᠢᠯᠡᠳᠬᠡᠯ ᠢ ᠪᠠᠶᠢᠭᠤᠯᠵᠤ᠂ ᠬᠤᠷᠤᠳ᠂ ᠥᠷᠥᠮ᠎ᠡ᠂ ᠰᠢᠷ᠎ᠠ ᠲᠣᠰᠣ ᠵᠡᠷᠭᠡ ᠣᠨᠴᠠᠯᠢᠭᠲᠤ ᠢᠳᠡᠭᠡᠨ | ᠦᠢᠯᠡᠳᠪᠦᠷᠢᠯᠡᠵᠦ᠂ ᠵᠢᠯ ᠤᠨ ᠣᠷᠣᠯᠭ᠎ᠠ ᠵᠢᠱᠢᠯᠲᠡ ᠪᠠᠷ 10 ᠲᠦᠮᠡᠨ ᠲᠥᠭᠦᠷᠢᠭ ᠨᠡᠮᠡᠭᠳᠡᠬᠦ ᠪᠣᠯᠤᠨ᠎ᠠ᠃ ᠵᠢᠶᠠᠩ ᠶᠦᠩ ᠴᠧᠨ ᠡᠷ᠎ᠡ ᠡᠮ᠎ᠡ ᠬᠤᠶᠠᠭᠤᠯᠠ ︽ | ᠰᠦ ᠶᠢᠨ ᠢᠷᠡᠯᠲᠡ ᠶᠢᠨ ᠡᠷᠦᠬᠡ + ᠴᠠᠭᠠᠨ ᠢᠳᠡᠭᠡᠨ ᠤ ᠦᠢᠯᠡᠳᠬᠡᠯ ᠤᠨ ᠭᠠᠵᠠᠷ + ᠬᠤᠪᠢ ᠡᠷᠦᠬᠡ︾ ᠶᠢᠨ ᠪᠦᠯᠬᠦᠮᠳᠡᠵᠦ ᠬᠥᠭᠵᠢᠬᠦ ᠵᠠᠭᠪᠤᠷ ᠢ ᠰᠢᠨ᠎ᠡ ᠪᠠᠷ | ᠡᠭᠦᠳᠴᠦ᠂ ᠲᠦᠭᠦᠬᠡᠶ ᠮᠠᠲ᠋ᠧᠷᠢᠶᠠᠯ ᠤᠨ ᠬᠠᠩᠭᠠᠯᠭ᠎ᠠ ᠶᠢ ᠪᠠᠲᠤᠯᠠᠬᠤ ᠮᠥᠷᠲᠡᠭᠡᠨ ᠪᠠᠰᠠ ᠨᠤᠲᠤᠭ ᠤᠨ ᠠᠬ᠎ᠠ ᠳᠡᠭᠦᠦ ᠨᠡᠷ ᠢᠶᠠᠨ ᠳᠠᠶᠢᠴᠢᠯᠠᠨ ᠣᠷᠣᠯᠭ᠎ᠠ ᠶᠢ ᠨᠢ | ᠨᠡᠮᠡᠭᠳᠡᠭᠦᠯᠵᠦ᠂ ᠮᠠᠯᠴᠢᠨ ᠲᠠᠷᠢᠶᠠᠴᠢᠨ ᠳᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠭᠤᠯᠬᠤ ᠰᠢᠨ᠎ᠡ ᠬᠥᠳᠡᠯᠭᠡᠬᠦ ᠬᠦᠴᠦᠨ ᠢ ᠨᠡᠮᠡᠷᠢᠯᠡᠭᠰᠡᠨ ᠪᠠᠶᠢᠨ᠎ᠠ᠃ | ᠲᠠᠷᠠᠭᠠᠴᠢ ᠶᠢᠨ ᠠᠯᠬᠤᠮ ᠳᠤ᠂ ᠪᠠᠶᠠᠨᠬᠤᠰᠢᠭᠤ ᠪᠠᠯᠭᠠᠰᠤ ᠦᠷᠭᠦᠯᠵᠢᠯᠡᠨ ︽ᠵᠢᠵᠢᠭ ᠬᠦᠷᠢᠶ᠎ᠡ ᠬᠠᠰᠢᠶ᠎ᠠ ᠲᠤᠮᠤ ᠠᠵᠤ ᠦᠢᠯᠡᠰ︾ ᠢ ᠭᠦᠨᠵᠡᠭᠡᠶᠢᠷᠡᠭᠦᠯᠵᠦ᠂ | ᠤᠯᠠᠮᠵᠢᠯᠠᠯᠲᠤ ᠲᠡᠵᠢᠭᠡᠨ ᠦᠷᠡᠵᠢᠭᠦᠯᠬᠦ ᠦᠢᠯᠡᠰ ᠤᠨ ᠬᠡᠪᠴᠢᠶᠡᠵᠢᠯᠲᠡ᠂ ᠲᠦᠬᠦᠭᠡᠷᠦᠮᠵᠢᠲᠦ ᠲᠠᠷᠢᠶᠠᠯᠠᠩ ᠤᠨ ᠤᠶᠤᠨᠴᠢᠯᠠᠯᠲᠠ᠂ ᠴᠠᠭᠠᠨ ᠢᠳᠡᠭᠡᠨ ᠡᠳ᠋ᠰᠢᠭᠦᠯᠬᠦ ᠶᠢ | ᠠᠵᠤ ᠦᠢᠯᠡᠰᠵᠢᠭᠦᠯᠬᠦ ᠶᠢ ᠠᠬᠢᠭᠤᠯᠵᠤ᠂ ᠬᠦᠷᠢᠶᠡᠨ ᠤ ᠠᠵᠤ ᠠᠬᠤᠢ ᠶᠢ ᠤᠯᠠᠨ ᠲᠦᠮᠡᠨ ᠤ ᠭᠡᠷ ᠤᠨ ᠡᠭᠦᠳᠡᠨ ᠳᠠᠬᠢ ︽ᠣᠷᠣᠯᠭ᠎ᠠ ᠶᠢ ᠨᠡᠮᠡᠭᠳᠡᠭᠦᠯᠬᠦ ᠬᠥᠳᠡᠯᠭᠡᠭᠦᠷ︾ | ᠪᠣᠯᠭᠠᠵᠤ᠂ ︽ᠠᠵᠤ ᠦᠢᠯᠡᠰ ᠢᠶᠠᠷ ᠬᠥᠭᠵᠢᠭᠦᠯᠬᠦ᠂ ᠲᠠᠷᠢᠶᠠᠴᠢᠳ ᠢ ᠪᠠᠶᠠᠵᠢᠭᠤᠯᠬᠤ᠂ ᠬᠥᠳᠡᠭᠡ ᠲᠣᠰᠬᠤᠨ ᠢ ᠦᠵᠡᠰᠬᠦᠯᠡᠩᠲᠦ ᠰᠠᠶᠢᠬᠠᠨ︾ ᠪᠣᠯᠭᠠᠬᠤ | ᠬᠥᠭᠵᠢᠯᠲᠡ ᠶᠢᠨ ᠵᠢᠷᠤᠭ ᠢ ᠵᠢᠷᠤᠭᠯᠠᠨ᠎ᠠ᠃ |