| | | | 6 ᠰᠠᠷ᠎ᠠ ᠶᠢᠨ 17 ᠤ ᠡᠳᠦᠷ᠂ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠪᠠᠴᠢᠮ ᠪᠠᠶᠢᠳᠠᠯ ᠢ ᠠᠷᠭᠠᠴᠠᠭᠠᠬᠤ᠂ | ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭ᠎ᠠ᠂ ᠭᠠᠯ ᠤᠨᠲᠠᠷᠠᠭᠠᠬᠤ ᠵᠡᠷᠭᠡ 26 ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ᠂ ᠬᠤᠰᠢᠭᠤᠨ ᠤ ᠰᠣᠶᠣᠯ ᠤᠨ | ᠠᠭᠤᠳᠠᠮ ᠲᠠᠯᠠᠪᠠᠶ ᠳᠤ ︽ᠠᠮᠤᠷ ᠲᠦᠪᠰᠢᠨ ᠤ ᠤᠬᠠᠭᠤᠯᠭ᠎ᠠ ᠯᠠᠪᠯᠠᠭ᠎ᠠ ᠶᠢᠨ ᠡᠳᠦᠷ︾ ᠤᠨ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠡᠯ᠎ᠡ ᠨᠢᠭᠡᠴᠡ ᠠᠰᠠᠭᠤᠨ ᠯᠠᠪᠯᠠᠬᠤ ᠲᠠᠪᠴᠠᠩ ᠭᠠᠷᠭᠠᠬᠤ᠂ ᠤᠬᠠᠭᠤᠯᠭ᠎ᠠ ᠶᠢᠨ ᠰᠠᠮᠪᠠᠷ᠎ᠠ ᠲᠠᠯᠪᠢᠬᠤ᠂ | ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠶᠢᠨ ᠹᠢᠯᠢᠮ ᠢ ᠨᠡᠪᠲᠡᠷᠡᠭᠦᠯᠬᠦ ᠵᠡᠷᠭᠡ ᠬᠡᠯᠪᠡᠷᠢ ᠪᠠᠷ ᠨᠠᠰᠢ ᠴᠠᠰᠢ | ᠥᠩᠭᠡᠷᠡᠬᠦ ᠤᠯᠠᠨ ᠲᠦᠮᠡᠨ ᠳᠤ ᠠᠶᠤᠯᠭᠦᠢ ᠦᠢᠯᠡᠳᠪᠦᠷᠢᠯᠡᠯ ᠤᠨ ᠴᠢᠭᠯᠡᠯᠲᠡ ᠲᠦᠷᠦ ᠶᠢᠨ ᠪᠤᠳᠤᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ᠂ ᠠᠶᠤᠯᠭᠦᠢ | ᠦᠢᠯᠡᠳᠪᠦᠷᠢᠯᠡᠯ ᠤᠨ ᠡᠩ ᠤᠨ ᠮᠡᠳᠡᠯᠭᠡ᠂ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠮᠡᠳᠡᠯᠭᠡ ᠵᠢᠴᠢ ᠪᠠᠴᠢᠮ ᠪᠠᠶᠢᠳᠠᠯ ᠢ ᠠᠷᠭᠠᠴᠠᠭᠠᠵᠤ ᠠᠮᠢ ᠵᠢᠭᠤᠲᠠᠬᠤ | ᠤᠷ᠎ᠠ ᠴᠢᠳᠠᠪᠤᠷᠢ ᠵᠡᠷᠭᠡ ᠠᠭᠤᠯᠭ᠎ᠠ ᠶᠢ ᠤᠬᠠᠭᠤᠯᠪᠠ᠃ ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 40 ᠠᠰᠠᠭᠤᠨ ᠯᠠᠪᠯᠠᠬᠤ ᠲᠠᠪᠴᠠᠩ ᠭᠠᠷᠭᠠᠵᠤ᠂ 20000 | ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠡᠯ᠎ᠡ ᠲᠥᠷᠥᠯ ᠤᠨ ᠠᠮᠤᠷ ᠲᠦᠪᠰᠢᠨ ᠤ ᠤᠬᠠᠭᠤᠯᠭ᠎ᠠ ᠶᠢᠨ ᠮᠠᠲ᠋ᠧᠷᠢᠶᠠᠯ ᠢ 3000 ᠭᠠᠷᠤᠶ ᠬᠤᠪᠢ | ᠲᠠᠷᠬᠠᠭᠠᠵᠤ᠂ ᠠᠮᠤᠷ ᠲᠦᠪᠰᠢᠨ ᠤ ᠦᠵᠡᠭᠦᠯᠭᠡ ᠶᠢᠨ ᠰᠠᠮᠪᠠᠷ᠎ᠠ᠂ ᠡᠯᠭᠦᠭᠡ ᠪᠢᠴᠢᠭᠡᠰᠦ ᠶᠢ 40 ᠭᠠᠷᠤᠶ ᠳᠡᠯᠭᠡᠨ ᠦᠵᠡᠭᠦᠯᠵᠦ᠂ ᠣᠯᠠᠨ ᠲᠦᠮᠡᠨ ᠤ ᠠᠰᠠᠭᠤᠨ | ᠯᠠᠪᠯᠠᠭ᠎ᠠ ᠶᠢ 2000 ᠭᠠᠷᠤᠶ ᠬᠦᠯᠢᠶᠡᠨ ᠠᠪᠤᠪᠠ᠃ | ᠲᠣᠰ ᠤᠳᠠᠭᠠᠨ ᠤ ︽ᠠᠮᠤᠷ ᠲᠦᠪᠰᠢᠨ ᠤ ᠤᠬᠠᠭᠤᠯᠭ᠎ᠠ ᠶᠢᠨ ᠯᠠᠪᠯᠠᠭ᠎ᠠ ᠶᠢᠨ ᠡᠳᠦᠷ︾ ᠤᠨ ᠠᠵᠢᠯᠯᠠᠭ᠎ᠠ ᠨᠢ ︽ᠠᠶᠤᠯᠭᠦᠶ ᠦᠢᠯᠡᠳᠪᠦᠷᠢᠯᠡᠯ ᠤᠨ ᠰᠠᠷ᠎ᠠ︾ | ᠶᠢᠨ ᠰᠢᠷᠢᠰ ᠠᠵᠢᠯᠯᠠᠭ᠎ᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠵᠤ᠂ ᠪᠥᠬᠦ ᠠᠷᠠᠳ ᠤᠨ ᠠᠮᠤᠷ ᠲᠦᠪᠰᠢᠨ ᠤ ᠤᠬᠠᠮᠰᠠᠷ ᠢ ᠴᠢᠩᠭᠠᠷᠠᠭᠤᠯᠤᠨ᠂ ︽ | ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠭᠠᠵᠣ ᠴᠢᠳᠠᠬᠤ-ᠳᠡᠷᠭᠡᠳᠡᠬᠢ ᠠᠮᠤᠷ ᠲᠦᠪᠰᠢᠨ ᠤ ᠳᠠᠯᠳᠠ | ᠬᠡᠮ ᠢ ᠡᠷᠢᠬᠦ︾ ᠭᠦᠨ ᠵᠤᠵᠠᠭᠠᠨ ᠠᠭᠤᠷ ᠠᠮᠢᠰᠬᠤᠯ ᠢ ᠪᠦᠲᠦᠮᠵᠢᠲᠡᠶ ᠪᠣᠶ ᠪᠣᠯᠭᠠᠪᠠ᠃ ᠲᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤ ᠲᠣᠰ ᠤᠳᠠᠭᠠᠨ ᠤ | ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠡᠯ᠎ᠡ ᠲᠥᠷᠥᠯ ᠤᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠪᠥᠬᠦ | ᠲᠠᠯ᠎ᠠ ᠪᠠᠷ ᠭᠦᠨᠵᠡᠭᠡᠶᠢᠷᠡᠭᠦᠯᠵᠦ᠂ ᠠᠮᠤᠷ ᠲᠦᠪᠰᠢᠨ ᠤ ᠤᠬᠠᠭᠤᠯᠭ᠎ᠠ ᠶᠢᠨ ︽ᠲᠠᠪᠤ ᠶᠢ ᠣᠷᠣᠭᠤᠯᠬᠤ︾ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠪᠥᠬᠦ | ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠰᠠᠶᠢᠨ ᠰᠠᠶᠢᠬᠠᠨ ᠠᠮᠤᠷ ᠲᠦᠪᠰᠢᠨ ᠤ ᠣᠷᠴᠢᠨ ᠲᠣᠭᠤᠷᠢᠨ ᠢ ᠪᠣᠶ ᠪᠣᠯᠭᠠᠵᠤ | ᠥᠭᠭᠦᠨ᠎ᠡ᠃ |