ᠤᠯᠠᠭᠠᠨᠬᠠᠳᠠ ᠶᠢᠨ ᠳ᠋ᠠᠪᠠᠨ ᠴᠡᠷᠢᠭ ᠤᠨ ᠬᠡᠷᠡᠭᠯᠡᠭᠡᠨ ᠤ ᠢᠳᠡᠭᠡᠨ ᠤᠮᠳᠠᠭᠠᠨ ᠤ ᠬᠠᠩᠭᠠᠯᠭ᠎ᠠ ᠶᠢᠨ ᠥᠷᠲᠡᠭᠡ ᠠᠩᠬ᠎ᠠ ᠤᠳᠠᠭᠠᠨ ᠤ ᠴᠡᠷᠢᠭ ᠤᠨ ᠬᠠᠩᠭᠠᠯᠭ᠎ᠠ ᠶᠢ ᠪᠠᠲᠤᠯᠠᠬᠤ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ
ᠨᠡᠶᠢᠲᠡᠯᠡᠭᠰᠡᠨ ᠴᠠᠭ᠄
2025/6/18
      6 ᠰᠠᠷ᠎ᠠ ᠶᠢᠨ 17᠎ ᠤ ᠡᠳᠦᠷ᠂ ᠤᠯᠠᠭᠠᠨᠬᠠᠳᠠ ᠶᠢᠨ ᠳ᠋ᠠᠪᠠᠨ ᠴᠡᠷᠢᠭ ᠤᠨ ᠢᠳᠡᠭᠡᠨ ᠤᠮᠳᠠᠭᠠᠨ ᠬᠠᠩᠭᠠᠬᠤ ᠥᠷᠲᠡᠭᠡ ᠨᠢ ᠠᠩᠬ᠎ᠠ ᠤᠳᠠᠭ᠎ᠠ ᠣᠯᠠᠨ ᠪᠦᠯᠦᠭ ᠴᠡᠷᠢᠭ ᠠᠩᠭᠢ ᠶᠢᠨ ᠬᠤᠭᠤᠯᠠ ᠬᠠᠩᠭᠠᠬᠤ ᠪᠠᠲᠤᠯᠠᠭ᠎ᠠ ᠶᠢᠨ ᠡᠭᠦᠷᠭᠡ ᠶᠢ ᠲᠤᠰᠠᠭᠠᠷ ᠬᠠᠷᠢᠭᠤᠴᠠᠪᠠ᠃ ᠲᠣᠰ ᠤᠳᠠᠭᠠᠨ ᠤ ᠪᠠᠲᠤᠯᠠᠭ᠎ᠠ ᠶᠢᠨ ᠠᠵᠢᠯᠯᠠᠭ᠎ᠠ ᠶᠢ ᠲᠡᠭᠦᠰ ᠠᠮᠵᠢᠯᠲᠠ ᠲᠠᠢ ᠪᠡᠶᠡᠯᠡᠭᠦᠯᠦᠭᠰᠡᠨ ᠨᠢ ᠮᠠᠨ ᠤ ᠬᠤᠰᠢᠭᠤᠨ ᠤ ᠴᠡᠷᠢᠭ ᠤᠨ ᠦᠢᠯᠡᠴᠢᠯᠡᠭᠡᠨ ᠤ ᠴᠢᠳᠠᠪᠤᠷᠢ ᠶᠢᠨ ᠰᠢᠨ᠎ᠡ ᠰᠢᠪᠲᠤᠯᠤᠯᠲᠠ ᠶᠢ ᠪᠡᠶᠡᠯᠡᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠳᠤ  ᠦᠢᠯᠡᠴᠢᠯᠡᠬᠦ᠂ ᠴᠡᠷᠢᠭ ᠠᠩᠭᠢ ᠶᠢᠨ ᠳᠠᠶᠢᠴᠢᠨ ᠬᠦᠴᠦᠨ ᠤ ᠪᠠᠶᠢᠭᠤᠯᠤᠯᠲᠠ ᠶᠢ ᠳᠡᠮᠵᠢᠬᠦ ᠳᠤ ᠯᠠᠪᠳᠠᠭᠤᠨ ᠪᠠᠲᠤᠲᠠᠶ ᠰᠠᠭᠤᠷᠢ ᠲᠠᠯᠪᠢᠭᠰᠠᠨ ᠪᠠᠶᠢᠨ᠎ᠠ᠃      ᠴᠡᠷᠢᠭ ᠠᠩᠭᠢ ᠳᠤ ᠬᠠᠯᠠᠭᠤᠨ ᠪᠦᠯᠢᠶᠠᠨ ᠬᠤᠭᠤᠯᠡ ᠬᠠᠩᠭᠠᠬᠤ ᠡᠭᠦᠷᠭᠡ ᠶᠢᠨ ᠵᠠᠷᠯᠢᠭ ᠢ ᠣᠯᠤᠭᠰᠠᠨ ᠤ ᠳᠠᠷᠠᠭ᠎ᠠ᠂ ᠤᠯᠠᠭᠠᠨᠬᠠᠳᠠ ᠶᠢᠨ ᠳ᠋ᠠᠪᠠᠨ ᠤ ᠴᠡᠷᠢᠭ ᠤᠨ ᠢᠳᠡᠭᠡᠨ ᠤᠮᠳᠠᠭᠠᠨ ᠤ ᠬᠠᠩᠭᠠᠯᠭ᠎ᠠ ᠶᠢᠨ ᠥᠷᠲᠡᠭᠡ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠡᠭᠦᠨ ᠢ ᠦᠳᠲᠡᠷ ᠲᠦᠷᠭᠡᠨ ᠲᠥᠪ ᠴᠢᠩᠭ᠎ᠠ ᠤᠯᠤᠰ ᠲᠥᠷᠥ ᠶᠢᠨ ᠡᠭᠦᠷᠭᠡ ᠪᠠ ᠢᠷᠠᠭᠤ ᠠᠯᠳᠠᠷᠲᠤ ᠡᠭᠦᠷᠭᠡ ᠪᠣᠯᠭᠠᠨ ᠠᠳᠬᠤᠵᠤ᠂ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠪᠡᠯᠡᠳᠬᠡᠯ ᠲᠥᠰᠦᠯ ᠢ ᠲᠡᠷᠡ ᠳᠠᠷᠤᠶ ᠳᠤᠨᠢ ᠡᠬᠢᠯᠡᠨ ᠬᠡᠷᠡᠭᠵᠢᠭᠦᠯᠵᠦ᠂ ᠡᠭᠦᠷᠭᠡ ᠶᠢᠨ ᠵᠣᠬᠢᠶᠠᠨ ᠪᠠᠶᠢᠭᠤᠯᠤᠯᠲᠠ ᠨᠢᠭᠲᠠ ᠴᠢᠩᠭ᠎ᠠ᠂ ᠬᠠᠷᠢᠭᠤᠴᠠᠯᠭ᠎ᠠ ᠶᠢ ᠬᠥᠮᠦᠨ ᠳᠤ ᠬᠦᠷᠲᠡᠯ᠎ᠡ ᠨᠠᠶᠢᠳᠠᠪᠤᠷᠢᠵᠢᠭᠤᠯᠵᠤ᠂ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠪᠠ᠃      ᠴᠠᠭ ᠪᠠᠴᠢᠮ᠂ ᠱᠠᠭᠠᠷᠳᠠᠯᠭ᠎ᠠ ᠥᠨᠳᠥᠷ᠂ ᠪᠠᠷᠢᠮᠵᠢᠶ᠎ᠠ ᠴᠢᠩᠭ᠎ᠠ ᠪᠠᠶᠢᠬᠤ ᠪᠠᠲᠤᠯᠠᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢᠨ ᠡᠮᠦᠨ᠎ᠡ᠂ ᠤᠯᠠᠭᠠᠨᠬᠠᠳᠠ ᠶᠢᠨ ᠳ᠋ᠠᠪᠠᠨ ᠴᠡᠷᠢᠭ ᠤᠨ ᠢᠳᠡᠭᠡᠨ ᠤᠮᠳᠠᠭᠠᠨ ᠤ ᠬᠠᠩᠭᠠᠯᠭ᠎ᠠ ᠶᠢᠨ ᠥᠷᠲᠡᠭᠡ ᠰᠠᠨᠠᠭᠠᠴᠢᠯᠠᠭ᠎ᠠ ᠠᠴᠠ ᠪᠠᠨ ᠬᠠᠩᠭᠠᠬᠤ ᠴᠡᠷᠢᠭ ᠠᠩᠭᠢ ᠯᠤᠭ᠎ᠠ ᠥᠨᠳᠥᠷ ᠪᠦᠲᠦᠮᠵᠢᠲᠡᠶ ᠨᠡᠪᠲᠡᠷᠡᠯᠴᠡᠬᠦ ᠲᠣᠭᠲᠠᠴᠠ ᠶᠢ ᠪᠠᠶᠢᠭᠤᠯᠵᠤ᠂ ᠪᠠᠲᠤᠯᠠᠭ᠎ᠠ ᠶᠢᠨ ᠨᠠᠷᠢᠯᠢᠭ ᠣᠨᠣᠴᠠᠲᠠᠶ ᠪᠥᠭᠡᠳ ᠪᠦᠲᠦᠮᠵᠢᠲᠡᠶ ᠪᠠᠶᠢᠬᠤ ᠶᠢ ᠦᠨᠡᠨ ᠬᠦ ᠪᠠᠲᠤᠯᠠᠪᠠ︔ ᠦᠢᠯᠡᠳᠪᠦᠷᠢᠯᠡᠵᠦ ᠡᠳ᠋ᠰᠢᠭᠦᠯᠬᠦ ᠭᠤᠭᠴᠤᠭ᠎ᠠ ᠳᠤ ᠢᠳᠡᠭᠡᠨ ᠤ ᠠᠮᠤᠷ ᠲᠦᠪᠰᠢᠨ ᠤ ᠠᠵᠢᠯᠯᠠᠭᠠᠨ ᠤ ᠵᠢᠷᠤᠮᠵᠢᠯ ᠢ ᠴᠢᠩᠭ᠎ᠠ ᠵᠢᠷᠤᠮᠯᠠᠵᠤ᠂ ᠬᠤᠭᠤᠯᠠᠨ ᠤ ᠵᠦᠢᠯᠡᠰ ᠤᠨ ᠶᠠᠰᠤ ᠴᠢᠨᠠᠷ ᠪᠠ ᠠᠮᠤᠷ ᠲᠦᠪᠰᠢᠨ ᠳᠤ ᠥᠴᠦᠬᠡᠨ ᠴᠦ ᠠᠯᠳᠠᠰᠢ ᠭᠠᠷᠭᠠᠬᠤ ᠦᠭᠡᠢ ᠪᠠᠶᠢᠬᠤ ᠶᠢ ᠦᠨᠡᠨ ᠬᠦ ᠪᠠᠲᠤᠯᠠᠪᠠ︔ ᠲᠤᠰᠬᠠᠶ ᠬᠡᠷᠡᠭᠯᠡᠭᠡᠨ ᠤ ᠳᠤᠯᠠᠭᠠᠨ ᠢ ᠬᠠᠮᠠᠭᠠᠯᠠᠨ ᠬᠦᠷᠭᠡᠬᠦ ᠲᠡᠷᠭᠡ ᠬᠥᠰᠬᠡ ᠵᠢᠴᠢ ᠲᠥᠬᠦᠭᠡᠷᠦᠮᠵᠢ ᠶᠢ ᠪᠦᠬᠦ ᠲᠠᠯ᠎ᠠ ᠪᠠᠷ ᠪᠠᠶᠢᠴᠠᠭᠠᠵᠤ ᠲᠣᠬᠢᠷᠠᠭᠤᠯᠤᠨ ᠲᠤᠷᠰᠢᠵᠤ᠂ ᠬᠠᠯᠠᠭᠤᠨ ᠢᠳᠡᠭᠡᠨ ᠢ ᠲᠡᠭᠡᠭᠡᠪᠦᠷᠢᠯᠡᠬᠦ ᠶᠠᠪᠤᠴᠠ ᠳᠤ ᠳᠤᠯᠠᠭᠠᠨ ᠤ ᠬᠡᠮᠵᠢᠶ᠎ᠡ ᠶᠢ ᠪᠠᠷᠢᠮᠵᠢᠶ᠎ᠠ ᠳᠤ ᠬᠦᠷᠭᠡᠵᠦ᠂ ᠶᠠᠰᠤ ᠴᠢᠨᠠᠷ ᠢ ᠠᠳᠠᠯᠢ ᠲᠡᠭᠰᠢ ᠪᠠᠶᠢᠯᠭᠠᠵᠤ᠂ ᠲᠣᠭᠲᠠᠭᠰᠠᠨ ᠭᠠᠵᠠᠷ ᠲᠤ ᠴᠠᠭ ᠲᠤᠬᠠᠶ ᠳᠤᠨᠢ ᠨᠠᠷᠢᠯᠢᠭ ᠣᠨᠣᠴᠠᠲᠠᠶ ᠪᠠᠷ ᠬᠦᠷᠭᠡᠵᠦ ᠥᠭᠪᠡ᠃      ᠲᠣᠰ ᠤᠳᠠᠭᠠᠨ ᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠦᠭᠰᠡᠨ ᠨᠢ ᠤᠯᠠᠭᠠᠨᠬᠠᠳᠠ ᠶᠢᠨ ᠳ᠋ᠠᠪᠠᠨ ᠤ ᠴᠡᠷᠢᠭ ᠤᠨ ᠢᠳᠡᠭᠡᠨ ᠤᠮᠳᠠᠭᠠᠨ ᠤ ᠬᠠᠩᠭᠠᠯᠭ᠎ᠠ ᠶᠢᠨ ᠥᠷᠲᠡᠭᠡ ᠶᠢᠨ ᠬᠥᠭᠵᠢᠯᠲᠡ ᠶᠢᠨ ᠶᠠᠪᠤᠴᠠ ᠳᠠᠬᠢ ᠴᠢᠬᠤᠯᠠ ᠪᠡᠯᠭᠡ ᠲᠡᠮᠳᠡᠭ ᠪᠠᠶᠢᠵᠤ᠂ ᠲᠠᠷᠠᠭᠠᠴᠢ ᠶᠢᠨ ᠪᠠᠶᠢᠩᠭᠤᠵᠢᠭᠰᠠᠨ᠂ ᠣᠯᠠᠨ ᠶᠠᠩᠵᠤ ᠶᠢᠨ ᠪᠠᠲᠤᠯᠠᠭ᠎ᠠ ᠶᠢᠨ ᠡᠭᠦᠷᠭᠡ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠭᠰᠡᠨ ᠪᠠᠶᠢᠨ᠎ᠠ᠃ ᠢᠷᠡᠭᠡᠳᠦᠢ ᠳᠤ ᠤᠯᠠᠭᠠᠨᠬᠠᠳᠠ ᠶᠢᠨ ᠳ᠋ᠠᠪᠠᠨ ᠴᠡᠷᠢᠭ ᠤᠨ ᠢᠳᠡᠭᠡᠨ ᠤᠮᠳᠠᠭᠠᠨ ᠤ ᠬᠠᠩᠭᠠᠯᠭ᠎ᠠ ᠶᠢᠨ ᠥᠷᠲᠡᠭᠡ ᠨᠢ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠴᠡᠷᠢᠭ ᠠᠩᠭᠢ ᠳᠤ ᠦᠢᠯᠡᠴᠢᠯᠡᠬᠦ ᠳᠤ ᠨᠡᠩ ᠪᠠᠲᠤ ᠪᠠᠬᠢ ᠠᠷᠤ ᠲᠠᠯ᠎ᠠ ᠶᠢᠨ ᠦᠢᠯᠡᠴᠢᠯᠡᠭᠡᠨ ᠤ ᠲᠤᠯᠭᠠᠭᠤᠷᠢᠯᠠᠯ ᠬᠠᠩᠭᠠᠬᠤ ᠪᠣᠯᠤᠨ᠎ᠠ᠃
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ