| | | | 6 ᠰᠠᠷ᠎ᠠ ᠶᠢᠨ 17 ᠤ ᠡᠳᠦᠷ᠂ ᠪᠠᠭᠠᠷᠢᠨ ᠪᠠᠷᠠᠭᠤᠨ ᠬᠤᠰᠢᠭᠤᠨ ᠤ ᠦᠨᠳᠦᠰᠦᠲᠡᠨ ᠤ ᠭᠠᠷ ᠣᠷᠠᠯᠠᠯ ᠤᠨ ᠦᠢᠯᠡᠰ ᠤᠨ ᠬᠠᠮ ᠡᠭᠦᠳᠦᠯᠲᠡ ᠶᠢᠨ ᠨᠡᠷᠡᠲᠦ | ᠲᠡᠮᠳᠡᠭᠲᠦ ᠶᠢᠨ ᠪᠠᠶᠢᠭᠤᠯᠣᠯᠲᠠ ᠶᠢᠨ ᠣᠯᠠᠮᠵᠢᠯᠠᠨ ᠵᠠᠯᠭᠠᠮᠵᠢᠯᠠᠬᠤ ᠪᠠ ᠰᠢᠨ᠎ᠡ ᠶᠢ ᠡᠭᠦᠳᠬᠦ ᠪᠣᠯᠪᠠᠰᠣᠷᠠᠯ ᠤᠨ ᠰᠣᠷᠣᠯᠭ᠎ᠠ ᠡᠬᠢᠯᠡᠬᠦ ᠶᠣᠰᠣᠯᠠᠯ ᠡᠬᠢᠯᠡᠪᠡ᠃ | ᠤᠯᠠᠭᠠᠨᠬᠠᠳᠠ ᠬᠤᠲᠠ ᠶᠢᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ | ᠲᠡᠮᠦᠷᠪᠠᠭᠠᠨ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠵᠠᠩ ᠰᠢᠶᠤᠤ ᠬᠤᠶ᠂ | ᠬᠤᠰᠢᠭᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠤᠰᠢᠭᠤᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠰᠤᠷᠭᠠᠨ ᠬᠥᠮᠦᠵᠢᠯ ᠤᠨ | ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ ᠵᠡᠷᠭᠡ ᠰᠠᠯᠠᠭ᠎ᠠ ᠮᠥᠴᠢᠷ ᠤᠨ ᠬᠤᠪᠢᠳᠠᠨ ᠬᠠᠮᠢᠶᠠᠷᠬᠤ | ᠬᠠᠷᠢᠭᠤᠴᠠᠯᠭᠠᠲᠠᠨ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠪᠠ᠃ | ᠣᠶᠢᠯᠠᠭᠠᠭᠰᠠᠨ ᠢᠶᠠᠷ᠂ ᠪᠣᠯᠪᠠᠰᠤᠷᠠᠯ ᠤᠨ ᠬᠤᠭᠤᠴᠠᠭ᠎ᠠ ᠨᠢ 3 ᠡᠳᠦᠷ ᠪᠣᠯᠤᠨ᠎ᠠ᠂ ᠤᠯᠤᠰ ᠤᠨ ᠳᠣᠲᠣᠭᠠᠳᠤ ᠶᠢᠨ ᠣᠷᠦ᠋ᠢᠯᠠᠭᠰᠠᠨ ᠲᠤᠰᠬᠠᠶ ᠮᠡᠷᠭᠡᠵᠢᠯᠲᠡᠨ ᠤ | ᠪᠦᠯᠬᠦᠮ ᠢ ᠣᠨᠴᠠ ᠤᠷᠢᠵᠤ ︽ᠣᠨᠣᠯ + ᠦᠢᠯᠡᠳᠦᠯᠭᠡ + ᠤᠷᠤᠯᠳᠤᠭᠠᠨ︾ ᠤ ᠪᠦᠷᠢᠨ ᠪᠦᠲᠦᠨ ᠪᠣᠯᠪᠠᠰᠤᠷᠠᠯ ᠤᠨ ᠰᠢᠰᠲ᠋ᠧᠮ ᠢ ᠪᠠᠶᠢᠭᠤᠯᠵᠤ᠂ ︽ᠪᠠᠭᠠᠷᠢᠨ | ᠪᠠᠷᠠᠭᠤᠨ ᠬᠤᠰᠢᠭᠤᠨ ᠤ ᠭᠠᠷ ᠤᠷᠠᠯᠠᠯ ᠤᠨ ᠰᠢᠨ᠎ᠡ ᠶᠢ ᠡᠭᠦᠳᠴᠦ ᠵᠢᠷᠤᠵᠤ ᠲᠥᠯᠥᠪᠯᠡᠬᠦ ᠤᠷᠤᠯᠳᠤᠭᠠᠨ︾ ᠢ ᠵᠡᠷᠭᠡ ᠪᠠᠷ ᠡᠬᠢᠯᠡᠭᠦᠯᠵᠦ᠂ ᠰᠢᠯᠢᠳᠡᠭ ᠪᠦᠲᠦᠭᠡᠯ ᠢ | ᠪᠠᠭᠠᠷᠢᠨ ᠪᠠᠷᠠᠭᠤᠨ ᠬᠤᠰᠢᠭᠤᠨ ᠤ ᠭᠠᠷ ᠤᠷᠠᠯᠠᠯ ᠤᠨ ᠣᠷᠣᠨ ᠪᠦᠰᠡ ᠶᠢᠨ ᠣᠯᠠᠨ ᠨᠡᠶᠢᠲᠡ ᠶᠢᠨ ᠨᠠᠷᠠᠲᠤ ᠲᠡᠮᠳᠡᠭᠲᠦ ᠦᠢᠯᠡᠳᠭᠦᠨ ᠤ ᠬᠥᠮᠥᠷᠭᠡ ᠳᠤ ᠣᠷᠣᠭᠤᠯᠵᠤ᠂ | ᠰᠢᠨ᠎ᠡ ᠵᠠᠭᠤᠴᠢᠯᠠᠭᠤᠷ ᠤᠨ ᠡᠵᠡᠩᠨᠡᠯᠲᠡ ᠳᠤ ᠭᠤᠤᠯᠳᠠᠭᠤ ᠦᠢᠯᠡᠳᠭᠦᠨ ᠢ ᠭᠤᠤᠯᠳᠠᠯᠭ᠎ᠠ ᠲᠠᠢ ᠳᠡᠯᠭᠡᠷᠡᠭᠦᠯᠦᠨ᠂ ᠣᠨᠣᠯ ᠤᠨ ᠮᠡᠳᠡᠯᠭᠡ ᠬᠢᠭᠡᠳ ᠠᠵᠤ ᠦᠢᠯᠡᠰ ᠤᠨ | ᠦᠢᠯᠡᠳᠦᠯᠭᠡ ᠶᠢᠨ ᠭᠦᠨᠵᠡᠭᠡᠶ ᠤᠶᠠᠯᠳᠤᠯ ᠢ ᠠᠬᠢᠭᠤᠯᠬᠤ ᠪᠣᠯᠤᠨ᠎ᠠ᠃ | ᠲᠣᠰ ᠤᠳᠠᠭᠠᠨ ᠤ ᠪᠣᠯᠪᠠᠰᠤᠷᠠᠯ ᠨᠢ ᠦᠨᠳᠦᠰᠦᠲᠡᠨ ᠤ ᠭᠠᠷ ᠤᠷᠠᠯᠠᠯ ᠤᠨ ᠠᠵᠤ ᠦᠢᠯᠡᠳᠪᠦᠷᠢ ᠶᠢᠨ ᠴᠢᠨᠠᠷ ᠰᠠᠶᠢᠲᠠᠶ ᠬᠥᠭᠵᠢᠯᠲᠡ ᠪᠠᠷ ᠬᠠᠷᠠᠯᠲᠠ ᠪᠣᠯᠭᠠᠵᠤ᠂ | ︽ᠰᠤᠷᠭᠠᠭᠤᠯᠢ ᠪᠠ ᠣᠷᠣᠨ ᠨᠤᠲᠤᠭ ᠤᠨ ᠬᠠᠮᠳᠤᠷᠠᠯᠴᠠᠭ᠎ᠠ+ ᠲᠥᠷᠥ ᠶᠢᠨ ᠪᠣᠳᠣᠯᠭ᠎ᠠ ᠪᠠᠷ ᠲᠡᠮᠵᠢᠬᠦ+ ᠰᠣᠶᠣᠯ ᠵᠢᠭᠤᠯᠴᠢᠯᠠᠯ ᠤᠨ ᠠᠭᠤᠰᠤᠯᠴᠠᠯ︾ ᠪᠣᠰᠤᠭ᠎ᠠ | ᠴᠣᠭᠴᠠᠲᠤ ᠬᠥᠭᠵᠢᠯᠲᠡ ᠶᠢᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠣᠳᠠᠰ ᠤᠨ ᠪᠤᠰᠤ ᠰᠣᠶᠣᠯ ᠤᠨ ᠥᠪ ᠢ ᠵᠠᠬ᠎ᠠ ᠳᠡᠯᠭᠡᠭᠦᠷ ᠲᠤ ᠤᠯᠠᠮᠵᠢᠯᠠᠨ ᠵᠠᠯᠭᠠᠮᠵᠢᠯᠠᠵᠤ | ᠬᠤᠪᠢᠷᠠᠭᠤᠯᠬᠤ ᠠᠵᠤ ᠦᠢᠯᠡᠰ ᠤᠨ ᠬᠡᠯᠬᠢᠶ᠎ᠡ ᠶᠢ ᠰᠢᠰᠲ᠋ᠧᠮ ᠲᠠᠢ ᠨᠡᠪᠲᠡᠷᠡᠭᠦᠯᠵᠦ᠂ ︽ᠤᠷ᠎ᠠ ᠮᠡᠷᠭᠡᠵᠢᠯ ᠤᠨ ᠤᠯᠠᠮᠵᠢᠯᠠᠯ-ᠰᠢᠨ᠎ᠡ ᠶᠢ ᠡᠭᠦᠳᠬᠦ ᠵᠢᠷᠤᠭ | ᠲᠥᠯᠥᠪᠯᠡᠭᠡ-ᠵᠠᠬ᠎ᠠ ᠳᠡᠯᠭᠡᠭᠦᠷ ᠤᠨ ᠲᠡᠯᠬᠡᠷᠡᠬᠦᠯᠦᠯᠳᠠ︾ ᠨᠢᠭᠡ ᠴᠣᠭᠴᠠᠵᠢᠭᠰᠠᠨ ᠠᠷᠭ᠎ᠠ ᠵᠠᠮ ᠢ ᠬᠠᠶᠢᠨ ᠰᠦᠪᠡᠭᠴᠢᠯᠡᠵᠦ᠂ ᠦᠨᠳᠦᠰᠦᠲᠡᠨ ᠤ ᠭᠠᠷ ᠤᠷᠠᠯᠠᠯ ᠳᠤ | ᠰᠣᠶᠣᠯ ᠤᠨ ᠭᠦᠨᠴᠡ ᠬᠢᠭᠡᠳ ᠬᠤᠳᠠᠯᠳᠤᠭᠠᠨ ᠤ ᠦᠨ᠎ᠡ ᠥᠷᠲᠡᠭ ᠲᠠᠢ ᠬᠥᠭᠵᠢᠯᠲᠡ ᠶᠢᠨ ᠬᠥᠳᠡᠯᠭᠡᠬᠦ ᠬᠦᠴᠦᠨ ᠨᠡᠮᠡᠷᠢᠯᠡᠵᠦ᠂ ᠦᠨᠳᠦᠰᠦᠲᠡᠨ ᠨᠦᠭᠦᠳ ᠤᠨ | ᠤᠯᠠᠮᠵᠢᠯᠠᠯᠲᠤ ᠭᠠᠷ ᠤᠷᠠᠯᠠᠯ ᠤᠨ ᠣᠳᠣᠬᠢᠴᠢᠯᠠᠯᠲᠠ ᠶᠢᠨ ᠬᠡᠯᠪᠡᠷᠢ ᠪᠠᠨ ᠬᠤᠪᠢᠷᠠᠭᠤᠯᠬᠤ ᠳᠤᠮᠳᠠ ᠬᠠᠮᠲᠤ ᠪᠠᠷ ᠦᠢᠯᠡᠳᠦᠯᠭᠡ ᠳᠤ ᠦᠯᠢᠭᠡᠷ ᠬᠡᠪ ᠬᠠᠩᠭᠠᠵᠤ᠂ | ᠦᠨᠳᠦᠰᠦᠲᠡᠨ ᠤ ᠭᠠᠷ ᠤᠷᠠᠯᠠᠯ ᠤᠨ ᠣᠳᠣ ᠦᠶ᠎ᠡ ᠶᠢᠨ ᠤᠨᠳᠤᠤᠰᠢᠭᠤᠯᠬᠤ ᠵᠠᠮ ᠢ ᠬᠠᠮᠲᠤ ᠪᠠᠷ ᠬᠠᠶᠢᠨ ᠰᠦᠪᠡᠭᠴᠢᠯᠡᠨ᠎ᠡ᠃ |