ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ ᠪᠥᠬᠦ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠷᠬᠢᠯᠡᠭᠴᠢ ᠶᠢᠨ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ
ᠨᠡᠶᠢᠲᠡᠯᠡᠭᠰᠡᠨ ᠴᠠᠭ᠄
2025/6/19
        6 ᠰᠠᠷ᠎ᠠ ᠶᠢᠨ 18᠎ ᠤ ᠡᠳᠦᠷ᠂ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ ᠪᠥᠬᠦ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠷᠬᠢᠯᠡᠭᠴᠢ ᠶᠢᠨ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠬᠠᠰᠲᠤᠭᠲᠠᠬᠤ ᠬᠤᠷᠠᠯ ᠢ ᠡᠷᠭᠢᠯᠡᠵᠦ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ᠂ ᠡᠯ᠎ᠡ ᠵᠥᠪᠯᠡᠯ ᠠᠯᠪᠠᠨ ᠬᠡᠷ ᠤᠨ ᠡᠷᠬᠢᠯᠡᠭᠴᠢ᠂ ᠪᠠᠶᠢᠭᠤᠯᠭ᠎ᠠ ᠶᠢᠨ ᠪᠥᠬᠦ ᠺᠠᠳ᠋ᠷ ᠠᠵᠢᠯᠲᠠᠨ ᠬᠤᠷᠠᠯ ᠳᠤ ᠣᠷᠣᠯᠴᠠᠵᠠᠶ᠃      ᠬᠤᠷᠠᠯ ᠳᠡᠭᠡᠷ᠎ᠡ᠂ ᠪᠦᠬᠦ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠷᠬᠢᠯᠡᠭᠴᠢ ᠶᠢᠨ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠵᠢᠯ ᠤᠨ ᠡᠬᠢᠨ ᠤ ᠠᠵᠢᠯ ᠤᠨ ᠡᠭᠦᠷᠭᠡ ᠪᠠ ᠭᠤᠣᠯᠳᠠᠯᠭ᠎ᠠ ᠲᠠᠢ ᠪᠠᠨ ᠨᠠᠷᠢᠨ ᠬᠢᠨᠠᠮᠠᠭᠠᠢ ᠬᠠᠷᠢᠴᠠᠭᠤᠯᠵᠤ᠂ ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠲᠤᠰᠬᠠᠢ ᠬᠢᠨᠠᠯᠲᠠ ᠲᠠᠯᠪᠢᠬᠤ ᠠᠵᠢᠯ ᠢ ᠬᠠᠮᠵᠢᠯᠴᠠᠨ ᠰᠠᠶᠢᠲᠤᠷ ᠬᠢᠬᠦ ᠲᠤᠬᠠᠢ ᠪᠠᠶᠢᠷᠢᠯᠠᠭᠤᠯᠤᠯᠲᠠ ᠬᠢᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠠᠷᠠᠭᠤᠨ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠳᠡᠭᠡᠳᠦ ᠳᠣᠤᠷᠠᠳᠤ ᠱᠠᠲᠤ ᠬᠤᠯᠪᠣᠭᠠᠯᠠᠨ ᠬᠥᠳᠡᠯᠦᠯᠴᠡᠬᠦ᠂ ᠠᠳᠠᠯᠢ ᠰᠡᠳᠦᠪ ᠲᠠᠢ ᠬᠠᠮᠲᠤ ᠪᠠᠷ ᠬᠠᠷᠢᠭᠤᠯᠬᠤ ᠶᠢ ᠪᠠᠷᠢᠮᠲᠠᠯᠠᠵᠤ᠂ ᠢᠳᠡᠭᠡᠨ ᠤ ᠠᠮᠤᠷ ᠲᠦᠪᠰᠢᠨ᠂ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠵᠡᠷᠭᠡ ᠬᠦᠷᠢᠶᠡᠨ ᠳᠠᠬᠢ ᠲᠤᠰᠬᠠᠶ ᠬᠢᠨᠠᠯᠲᠠ ᠲᠠᠯᠪᠢᠬᠤ ᠠᠵᠢᠯ ᠢ ᠦᠷᠭᠦᠯᠵᠢᠯᠡᠨ ᠠᠬᠢᠭᠤᠯᠬᠤ ᠬᠡᠷᠡᠭᠲᠡᠶ᠃ ︽ᠡᠷᠬᠢᠨ ᠬᠠᠷᠠᠬᠤ︾ ᠵᠡᠷᠭᠡ ᠠᠷᠭ᠎ᠠ ᠬᠡᠯᠪᠡᠷᠢ ᠶᠢ ᠴᠠᠭ ᠲᠤᠬᠠᠢ ᠳᠤᠨᠢ ᠥᠷᠨᠢᠭᠦᠯᠵᠦ᠂ ᠢᠳᠡᠭᠡᠨ ᠤ ᠠᠮᠤᠷ ᠲᠦᠪᠰᠢᠨ ᠤ ᠲᠤᠰᠬᠠᠢ ᠬᠢᠨᠠᠯᠲᠠ ᠲᠠᠯᠪᠢᠯᠲᠠ ᠶᠢ ᠪᠠᠶᠢᠩᠭᠤᠵᠢᠭᠤᠯᠬᠤ᠂ ᠤᠷᠳᠤ ᠬᠤᠭᠤᠴᠠᠭ᠎ᠠ ᠪᠦᠲᠦᠮᠵᠢᠲᠡᠢ ᠪᠣᠯᠭᠠᠬᠤ ᠶᠢ ᠠᠬᠢᠭᠤᠯᠬᠤ ᠬᠡᠷᠡᠭᠲᠡᠢ︔ ᠬᠡᠷᠡᠭ ᠢ ᠦᠨᠡᠯᠡᠨ ᠪᠠᠶᠢᠴᠠᠭᠠᠬᠤ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠦᠷᠭᠦᠯᠵᠢᠯᠡᠨ ᠮᠥᠷᠳᠡᠨ ᠬᠢᠨᠠᠯᠲᠠ ᠲᠠᠯᠪᠢᠬᠤ ᠬᠡᠷᠡᠭᠲᠡᠢ᠃ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ︽ᠬᠤᠶᠠᠷ ᠨᠣᠶᠠᠨ︾᠎ ᠢ ᠦᠨᠡᠯᠡᠨ ᠶᠠᠷᠢᠯᠴᠠᠬᠤ ᠠᠵᠢᠯ ᠢ ᠨᠠᠷᠢᠨ ᠬᠢᠨᠠᠮᠠᠭᠠᠶ ᠥᠷᠨᠢᠭᠦᠯᠵᠦ᠂ ᠰᠢᠭᠦᠬᠦ ᠲᠤᠰᠢᠶᠠᠯᠲᠠᠨ᠂ ᠪᠠᠶᠢᠴᠠᠭᠠᠬᠤ ᠲᠤᠰᠢᠶᠠᠯᠲᠠᠨ ᠤ ᠬᠠᠤᠯᠢ ᠪᠠᠷᠢᠬᠤ ᠦᠢᠯᠡ ᠠᠵᠢᠯᠯᠠᠭ᠎ᠠ ᠶᠢ ᠲᠠᠰᠤᠷᠠᠯᠲᠠ ᠥᠬᠡᠶ ᠵᠢᠷᠤᠮᠵᠢᠭᠤᠯᠬᠤ ᠬᠡᠷᠡᠭᠲᠡᠶ︔ ᠡᠯ᠎ᠡ ᠵᠦᠢᠯ ᠤᠨ ᠬᠠᠤᠯᠢ ᠪᠠᠷ ᠲᠣᠭᠲᠠᠭᠠᠭᠰᠠᠨ ᠬᠢᠨᠠᠯᠲᠠ ᠲᠠᠯᠪᠢᠬᠤ ᠠᠷᠭ᠎ᠠ ᠬᠡᠯᠪᠡᠷᠢ ᠶᠢ ᠶᠡᠷᠦᠩᠬᠡᠶᠢᠯᠡᠨ ᠠᠰᠢᠭᠯᠠᠵᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠦᠷᠢᠶ᠎ᠡ ᠴᠠᠷᠠᠭ᠎ᠠ ᠶᠢ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠦᠷᠭᠦᠯᠵᠢᠯᠡᠨ ᠰᠠᠶᠢᠲᠤᠷ ᠪᠠᠬᠢᠵᠢᠭᠦᠯᠬᠦ ᠬᠡᠷᠡᠭᠲᠡᠶ᠃ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠠᠯᠳᠠᠭᠳᠠᠬᠤ ᠶᠢ ᠰᠡᠷᠭᠡᠶᠢᠯᠡᠬᠦ ᠬᠡᠷᠡᠭᠲᠡᠶ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠭᠦᠷᠭᠡ ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠤᠰ ᠭᠠᠵᠠᠷ ᠤᠨ ᠰᠢᠭᠤᠳ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠢᠯᠠᠯ ᠤᠨ ᠥᠭᠡᠷᠡᠴᠢᠯᠡᠯᠲᠡ ᠶᠢᠨ ᠰᠢᠪᠳᠤᠯᠤᠯᠳᠠ ᠶᠢ ᠲᠦᠯᠬᠢᠨ ᠠᠬᠢᠭᠤᠯᠬᠤ ᠬᠡᠷᠡᠭᠲᠡᠶ ᠭᠡᠪᠡ᠃     ᠬᠤᠷᠠᠯ ᠠᠴᠠ ᠱᠠᠭᠠᠷᠳᠠᠭᠰᠠᠨ ᠨᠢ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠯ᠎ᠡ ᠵᠥᠪᠯᠡᠯ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠴᠢᠩᠭᠠᠳᠬᠠᠵᠤ᠂ ᠢᠳᠡᠭᠡᠨ ᠤ ᠠᠮᠤᠷ ᠲᠦᠪᠰᠢᠨ᠂ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ᠂ ᠣᠯᠠᠨ ᠨᠡᠶᠢᠲᠡ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠵᠡᠷᠭᠡ ᠬᠦᠷᠢᠶᠡᠨ ᠳᠠᠬᠢ ᠠᠵᠢᠯ ᠬᠢᠬᠦ ᠥᠬᠡᠶ᠂ ᠤᠳᠠᠭᠠᠨ ᠬᠢᠬᠦ᠂ ᠳᠤᠷ᠎ᠠ ᠪᠠᠷ ᠢᠶᠠᠨ ᠬᠢᠬᠦ ᠲᠣᠪᠤᠶᠢᠮ᠎ᠠ ᠠᠰᠠᠭᠤᠳᠠᠯ ᠤᠨ ᠲᠣᠭᠤᠷᠢᠨ ᠳᠤ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠠᠲᠠᠭᠤ ᠬᠢᠨᠠᠯᠲᠠ ᠲᠠᠯᠪᠢᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠲᠤᠰᠬᠠᠶ ᠬᠢᠨᠠᠯᠲᠠ ᠲᠠᠯᠪᠢᠬᠤ ᠳᠤ ᠬᠦᠴᠦᠨ ᠨᠡᠮᠡᠷᠢᠯᠡᠬᠦ ᠲᠠᠯ᠎ᠠ ᠪᠠᠷ ᠢᠯᠡᠳᠲᠡ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠶ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠤᠨ ᠱᠠᠯᠠᠪᠳᠠᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠡᠯ᠎ᠡ ᠵᠦᠢᠯ ᠤᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠳᠤ ᠲᠤᠰᠬᠠᠶ ᠰᠡᠳᠦᠪᠲᠦ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠵᠠᠳᠠᠯᠤᠨ ᠰᠤᠳᠤᠯᠵᠤ᠂ ᠱᠠᠯᠠᠪᠳᠠᠭᠤᠯᠤᠨ ᠨᠠᠶᠢᠳᠠᠪᠤᠷᠢᠵᠢᠭᠤᠯᠵᠤ᠂ ᠠᠵᠢᠯ ᠤᠨ ᠦᠷᠭᠦᠯᠵᠢᠯᠡᠨ ᠪᠦᠲᠦᠮᠵᠢᠲᠡᠶ ᠥᠷᠨᠢᠬᠦ ᠶᠢ ᠪᠠᠲᠤᠯᠠᠵᠤ᠂ ᠦᠨᠡᠨ ᠬᠦ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ  ᠪᠠᠳᠤᠯᠠᠬᠤ ᠬᠡᠷᠡᠭᠲᠡᠶ ᠭᠡᠵᠠᠢ᠃
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ