ᠳᠠᠷᠬᠠᠨ ᠵᠡᠭᠡᠯᠢ ᠭᠤᠳᠤᠮᠵᠢ ᠥᠭᠡᠷᠡᠴᠢᠯᠡᠨ ᠳᠡᠰ ᠳᠡᠪᠰᠢᠭᠦᠯᠵᠦ ᠠᠷᠠᠳ ᠤᠨ ᠠᠮᠢᠳᠤᠷᠠᠯ ᠢ ᠬᠠᠷᠠᠭᠠᠯᠵᠠᠨ  ᠠᠷᠠᠳ ᠤᠨ ᠲᠥᠯᠥᠭᠡ ᠬᠦᠴᠦᠯᠡᠨ ᠴᠢᠷᠮᠠᠶᠢᠵᠤ ᠪᠣᠳᠠᠲᠠᠢ ᠠᠵᠢᠯ ᠬᠢᠪᠡ
ᠨᠡᠶᠢᠲᠡᠯᠡᠭᠰᠡᠨ ᠴᠠᠭ᠄
2025/6/19
      6 ᠰᠠᠷ᠎ᠠ ᠶᠢᠨ 16᠎ ᠤ ᠡᠳᠦᠷ᠂ ᠯᠢᠨ ᠶᠤᠸᠠᠨ ᠬᠤᠶᠠᠳᠤᠭᠠᠷ ᠬᠤᠭᠤᠴᠠᠭᠠᠨ ᠤ ᠠᠳᠠᠯ ᠠᠬᠤᠢ ᠶᠢᠨ ᠵᠥᠪᠯᠡᠯ ᠵᠢᠴᠢ ᠰᠠᠭᠤᠭᠠᠯᠢ ᠠᠷᠠᠳ ᠤᠨ ᠲᠥᠯᠥᠭᠡᠯᠡᠭᠴᠢ ︽ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠪᠣᠳᠠᠲᠤ ᠶᠠᠪᠤᠳᠠᠯ ᠬᠢᠵᠦ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ︾᠂ ︽ᠠᠷᠠᠳ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠵᠤ ᠡᠶ᠎ᠡ ᠵᠣᠬᠢᠴᠠᠯ ᠢ ᠠᠬᠢᠭᠤᠯᠬᠤ︾ ᠬᠡᠮᠡᠷᠯᠢᠭ ᠲᠤᠭ ᠢ ᠲᠤᠰ ᠲᠤᠰ ᠳᠠᠷᠬᠠᠨ ᠵᠡᠭᠡᠯᠢ᠂  ᠮᠦᠷᠡᠨ ᠨᠡᠶᠢᠭᠡᠮ ᠲᠣᠭᠤᠷᠢᠭ ᠲᠤ ᠬᠦᠷᠭᠡᠵᠦ᠂ ᠵᠡᠭᠡᠯᠢ ᠭᠤᠳᠤᠮᠵᠢ ᠵᠢᠴᠢ ᠨᠡᠶᠢᠭᠡᠮ ᠲᠣᠭᠤᠷᠢᠭ ᠤᠨ ᠰᠡᠳᠬᠢᠯ ᠢ ᠳᠤᠯᠠᠭᠠᠴᠠᠭᠤᠯᠬᠤ ᠠᠷᠭ᠎ᠠ ᠬᠡᠮᠵᠢᠶ᠎ᠡ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ᠂ ᠬᠤᠶᠠᠷ  ᠭᠠᠯ ᠤᠯᠠᠭᠠᠨ ᠬᠡᠮᠡᠷᠯᠢᠭ ᠲᠤᠭ ᠨᠢ ᠰᠠᠭᠤᠭᠠᠯᠢ ᠠᠷᠠᠳ ᠤᠨ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ ᠠᠵᠢᠯ ᠢ ᠬᠠᠮᠤᠭ ᠤᠨ ᠪᠣᠷᠣᠭᠵᠢᠭᠤᠨ᠂ ᠬᠠᠮᠤᠭ ᠤᠨ ᠴᠢᠩ ᠦᠨᠡᠨᠴᠢ ᠨᠤᠲᠠᠯᠠᠭᠰᠠᠨ ᠶᠠᠪᠤᠳᠠᠯ ᠪᠣᠯᠤᠨ᠎ᠠ᠃     ︽ᠠᠷᠠᠳ ᠲᠦᠮᠡᠨ ᠬᠦᠰᠡᠯ ᠱᠠᠭᠠᠷᠳᠠᠯᠭ᠎ᠠ ᠲᠠᠢ ᠪᠣᠯ ᠪᠢᠳᠡ ᠬᠠᠷᠢᠭᠤ ᠲᠤᠰᠬᠠᠯ ᠲᠠᠢ︔ ᠠᠷᠠᠳ ᠢᠷᠭᠡᠳ ᠬᠡᠷᠡᠭᠴᠡᠭᠡ ᠲᠠᠢ ᠪᠣᠯ᠂ ᠪᠢ ᠬᠢᠬᠦ ᠴᠢᠬᠤᠯᠠᠲᠠᠶ︾ ᠭᠡᠬᠦ ᠣᠶᠢᠯᠠᠭᠠᠭᠳᠠᠬᠤᠨ ᠢ ᠢᠳᠡᠪᠬᠢᠲᠡᠢ ᠦᠢᠯᠡᠳᠦᠯᠭᠡᠵᠢᠭᠦᠯᠵᠦ᠂ ᠡᠷᠬᠢᠨ ᠲᠣᠭᠤᠷᠢᠨ ᠤ ᠰᠤᠯᠠ ᠪᠠᠶᠢᠭ᠎ᠠ ᠡᠬᠢ ᠪᠠᠶᠠᠯᠢᠭ ᠢ ᠠᠭᠤᠳᠠᠯᠵᠤ᠂ ᠪᠠᠶᠢᠴᠠᠭᠠᠨ ᠰᠤᠳᠤᠯᠤᠯᠲᠠ ᠶᠢ ᠭᠦᠨᠵᠡᠭᠡᠶ ᠥᠷᠨᠢᠭᠦᠯᠵᠦ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠵᠢᠵᠢᠭ ᠲᠣᠭᠤᠷᠢᠭ ᠤᠨ ᠨᠠᠮ ᠤᠨ ᠬᠡᠰᠢᠬᠦᠨ ᠣᠯᠠᠨ ᠲᠦᠮᠡᠨ ᠤ ᠰᠡᠳᠬᠢᠯ ᠢ ᠳᠤᠯᠠᠭᠠᠴᠠᠭᠤᠯᠬᠤ ᠠᠵᠢᠯᠯᠠᠭ᠎ᠠ ᠶᠢᠨ ᠲᠠᠰᠤᠭ ᠤᠨ ᠦᠢᠯᠡᠴᠢᠯᠡᠭᠡᠨ ᠤ ᠬᠡᠷᠡᠭᠴᠡᠭᠡ᠂ ᠦᠢᠯᠡᠴᠢᠯᠡᠭᠡᠨ ᠤ ᠲᠥᠷᠥᠯ ᠵᠦᠢᠯ ᠵᠡᠷᠭᠡ ᠲᠠᠯ᠎ᠠ ᠶᠢᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠴᠤᠭᠯᠠᠭᠤᠯᠵᠤ᠂ ᠰᠠᠭᠤᠭᠠᠯᠢ ᠠᠷᠠᠳ ᠢ ᠢᠳᠡᠪᠬᠢᠲᠡᠶ ᠪᠠᠷ ᠬᠠᠪᠰᠤᠷᠤᠨ ᠳᠡᠷᠭᠡᠳᠡᠬᠢ ᠪᠠᠴᠢᠮ ᠪᠡᠷᠬᠡ ᠵᠣᠪᠠᠨᠢᠯ ᠤᠨ ᠠᠰᠠᠭᠤᠳᠠᠯ ᠢ ᠨᠢ ᠰᠢᠢᠳᠪᠦᠷᠢᠯᠡᠵᠦ᠂ ᠨᠡᠶᠢᠭᠡᠮ ᠲᠣᠭᠤᠷᠢᠭ ᠬᠢᠭᠡᠳ ᠰᠠᠭᠤᠭᠠᠯᠢ ᠠᠷᠠᠳ ᠤᠨ ᠬᠤᠭᠤᠷᠣᠨᠳᠣᠬᠢ ᠵᠠᠶ ᠶᠢ ᠪᠦᠲᠦᠮᠵᠢᠲᠡᠶ ᠪᠠᠷ ᠣᠶᠢᠷᠠᠲᠤᠭᠤᠯᠪᠠ᠃     ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠠᠨ ᠲᠦᠮᠡᠨ ᠳᠤ ᠦᠢᠯᠡᠴᠢᠯᠡᠬᠦ ᠪᠡᠯᠡ ᠮᠥᠩᠭᠦ ᠶᠢ ᠠᠰᠢᠭᠯᠠᠵᠤ᠂ ᠯᠢᠨ ᠶᠤᠸᠠᠨ ᠤ ᠬᠤᠶᠠᠳᠤᠭᠠᠷ ᠬᠤᠭᠤᠴᠠᠭᠠᠨ ᠤ ᠬᠠᠶᠠᠭᠳᠠᠮᠠᠯ ᠬᠥᠭᠡᠷᠭᠡ ᠶᠢᠨ ᠭᠡᠷ ᠤᠨ ᠡᠬᠢ ᠪᠠᠶᠠᠯᠢᠭ ᠢ ᠠᠮᠢᠯᠠᠭᠤᠯᠵᠤ᠂ ᠰᠠᠭᠤᠭᠠᠯᠢ ᠲᠣᠭᠤᠷᠢᠭ ᠤᠨ ᠨᠠᠮ ᠤᠨ ᠬᠡᠰᠢᠬᠦᠨ ᠤᠯᠠᠨ ᠲᠦᠮᠡᠨ ᠤ ᠰᠡᠳᠬᠢᠯ ᠢ ᠳᠤᠯᠠᠭᠠᠴᠠᠭᠤᠯᠬᠤ ᠠᠵᠢᠯᠯᠠᠭ᠎ᠠ ᠶᠢᠨ ᠲᠠᠰᠤᠭ ᠢ ᠨᠠᠷᠢᠨ ᠨᠢᠮᠪᠠᠢ ᠥᠭᠡᠷᠡᠴᠢᠯᠡᠨ ᠲᠡᠰ ᠳᠡᠪᠰᠢᠭᠦᠯᠵᠦ᠂ ᠰᠠᠭᠤᠭᠠᠯᠢ ᠠᠷᠠᠳ ᠲᠤ ᠲᠤᠰᠬᠠᠢᠢᠵᠢᠭᠰᠠᠨ᠂ ᠨᠠᠷᠢᠯᠢᠭᠵᠢᠭᠤᠯᠤᠭᠰᠠᠨ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡ ᠬᠠᠩᠭᠠᠵᠤ᠂ ᠰᠠᠭᠤᠭᠠᠯᠢ ᠠᠷᠠᠳ ᠤᠨ ᠰᠡᠯᠡᠭᠦᠴᠡᠯ ᠵᠤᠭ᠎ᠠ ᠴᠡᠩᠭᠡᠯ᠂ ᠬᠥᠷᠰᠢ ᠵᠡᠷᠭᠡᠯᠡᠳᠡᠭᠡ ᠶᠢᠨ ᠰᠣᠯᠢᠯᠴᠠᠭᠠᠨ ᠤ ᠬᠡᠷᠡᠭᠴᠡᠭᠡ ᠱᠠᠭᠠᠷᠳᠠᠯᠭ᠎ᠠ ᠳᠤ ᠤᠨᠢᠨ ᠳᠡᠭᠡᠷ᠎ᠡ ᠨᠢ ᠬᠠᠷᠢᠭᠤᠯᠲᠠ ᠥᠭᠴᠦ᠂ ᠰᠠᠭᠤᠭᠠᠯᠢ ᠠᠷᠠᠳ ᠲᠤ ᠭᠡᠷ ᠤᠨ ᠡᠭᠦᠳᠡᠨ ᠳᠤᠨᠢ ᠵᠣᠯ ᠵᠢᠷᠭᠠᠯᠲᠤ ᠠᠮᠢᠳᠤᠷᠠᠯ ᠢ ᠡᠳ᠋ᠯᠡᠬᠦᠯᠦᠨ᠎ᠡ᠃     ᠳᠠᠷᠬᠠᠨ ᠵᠡᠭᠡᠯᠢ ᠭᠤᠳᠤᠮᠵᠢ ᠶᠢᠨ ᠮᠦᠷᠡᠨ ᠨᠡᠶᠢᠬᠡᠮ ᠲᠣᠭᠤᠷᠢᠭ ᠤᠨ ᠨᠠᠮ ᠤᠨ ᠶᠡᠷᠦᠩᠬᠡᠢ ᠡᠭᠦᠷ ᠬᠠᠶᠠᠭᠳᠠᠮᠠᠯ ᠣᠷᠣᠨ ᠵᠠᠢ ᠶᠢᠨ ︽ᠪᠢᠴᠢᠯ ᠥᠭᠡᠷᠡᠴᠢᠯᠡᠯᠲᠡ︾᠎ ᠎ ᠪᠠᠷ ᠨᠡᠶᠢᠬᠡᠮ ᠲᠣᠭᠤᠷᠢᠭ ᠤᠨ ᠦᠢᠯᠡᠴᠢᠯᠡᠭᠡᠨ ᠤ ︽ᠶᠡᠭᠡ ᠪᠠᠷ ᠲᠡᠭᠡᠭᠰᠢᠯᠡᠬᠦ︾᠎ ᠶᠢ ᠲᠠᠶᠢᠴᠢᠯᠠᠵᠤ᠂ ︽ᠭᠦᠨ ᠤᠨᠲᠠᠬᠤ︾ ᠣᠷᠣᠨ ᠵᠠᠢ ᠶᠢ ᠰᠠᠭᠤᠭᠠᠯᠢ ᠠᠷᠠᠳ ᠲᠤ ᠦᠢᠯᠡᠴᠢᠯᠡᠬᠦ ︽ᠠᠮᠢᠵᠢᠷᠠᠯ ᠤᠨ ᠬᠦᠴᠦᠨ ᠤ ᠰᠠᠭᠤᠷᠢᠨ ᠭᠠᠵᠠᠷ︾ ᠪᠣᠯᠭᠠᠨ ᠬᠤᠪᠢᠷᠠᠭᠤᠯᠵᠠᠢ᠃ ︽ᠪᠢᠴᠢᠯ ᠥᠭᠡᠷᠡᠴᠢᠯᠡᠯᠲᠡ︾᠎ ᠶᠢᠨ ᠦᠢᠯᠡᠴᠢᠯᠡᠭᠡ ᠪᠠᠷ ᠳᠠᠮᠵᠢᠭᠤᠯᠤᠨ᠂ ᠰᠡᠯᠡᠭᠦᠴᠡᠯ ᠵᠤᠭ᠎ᠠ ᠴᠡᠩᠭᠡᠯ᠂ ᠰᠣᠶᠣᠯ ᠲᠠᠮᠢᠷ ᠤᠨ ᠠᠵᠢᠯᠯᠠᠭ᠎ᠠ᠂ ᠵᠥᠪᠳᠡᠯᠴᠡᠨ ᠬᠡᠷᠡᠭ ᠵᠥᠪᠯᠡᠬᠦ ᠶᠢ ᠨᠢᠭᠡ ᠴᠣᠭᠴᠠᠵᠢᠭᠤᠯᠤᠭᠰᠠᠨ ᠰᠡᠳᠬᠢᠯ ᠢ ᠳᠤᠯᠠᠭᠠᠴᠠᠭᠤᠯᠬᠤ ᠠᠵᠢᠯᠯᠠᠭᠠᠨ ᠤ ᠲᠠᠰᠤᠭ ᠢ ᠨᠠᠷᠢᠨ ᠨᠢᠮᠪᠠᠶ ᠪᠠᠶᠢᠭᠤᠯᠤᠭᠰᠠᠨ ᠪᠥᠭᠡᠳ ᠬᠠᠷᠢᠶᠠᠲᠤ ᠣᠷᠣᠨ ᠤ ᠰᠠᠭᠤᠭᠠᠯᠢ ᠠᠷᠠᠳ ᠲᠤ ᠪᠦᠬᠦᠯᠢ ᠡᠳᠦᠷ ᠢᠶᠠᠷ ᠰᠦᠢᠳᠬᠡᠯ ᠬᠤᠷᠢᠶᠠᠬᠤ ᠥᠬᠡᠶ ᠪᠠᠷ ᠨᠡᠭᠡᠭᠡᠵᠦ᠂ ᠬᠥᠷᠰᠢ ᠵᠡᠷᠭᠡᠯᠡᠳᠡᠭᠡ ᠶᠢᠨ ᠡᠶ᠎ᠡ ᠵᠣᠬᠢᠴᠠᠯ ᠢ ᠪᠦᠲᠦᠮᠵᠢᠲᠡᠶ ᠠᠬᠢᠭᠤᠯᠪᠠ᠃     ᠳᠠᠷᠠᠭᠠᠴᠢ ᠶᠢᠨ ᠠᠯᠬᠤᠮ ᠳᠤ᠂ ᠳᠠᠷᠬᠠᠨ ᠵᠡᠭᠡᠯᠢ ᠭᠤᠳᠤᠮᠵᠢ ᠦᠷᠭᠦᠯᠵᠢᠯᠡᠨ ᠤᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠲᠠᠯ᠎ᠠ ᠶᠢᠨ ᠡᠬᠢ ᠪᠠᠶᠠᠯᠢᠭ ᠢ ᠨᠡᠶᠢᠳᠬᠡᠵᠦ᠂ ᠦᠢᠯᠡᠴᠢᠯᠡᠭᠡᠨ ᠤ ᠴᠢᠳᠠᠪᠬᠢ ᠶᠢ ᠰᠢᠯᠢᠳᠡᠭᠵᠢᠭᠦᠯᠵᠦ᠂ ᠨᠡᠶᠢᠭᠡᠮ ᠲᠣᠭᠤᠷᠢᠭ ᠤᠨ ᠵᠠᠰᠠᠯᠲᠠ ᠪᠣᠯᠤᠨ ᠰᠠᠭᠤᠭᠠᠯᠢ ᠠᠷᠠᠳ ᠤᠨ ᠵᠣᠯ ᠵᠢᠷᠭᠠᠯ ᠤᠨ ︽ᠬᠤᠶᠠᠷ ᠢ ᠳᠡᠭᠡᠭᠰᠢᠯᠡᠭᠦᠯᠬᠦ︾᠎ ᠶᠢ ᠠᠬᠢᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ ᠡᠶ᠎ᠡ ᠵᠣᠬᠢᠴᠠᠩᠭᠤᠢ ᠭᠡᠷ ᠣᠷᠣᠨ ᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠪᠣᠯᠤᠨ᠎ᠠ᠃
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ