| | | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠣᠯᠤᠨ ᠠᠷᠠᠳ ᠤᠨ ᠲᠥᠯᠥᠭᠡᠯᠡᠭᠴᠢᠳ ᠤᠨ | ᠬᠤᠭᠤᠷᠣᠨᠳᠣᠬᠢ ᠨᠡᠪᠲᠡᠷᠡᠯᠴᠡᠭᠡ ᠬᠠᠷᠢᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠥᠯᠥᠭᠡᠯᠡᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ ︽ᠣᠯᠠᠨ ᠲᠦᠮᠡᠨ ᠤ ᠪᠠᠴᠢᠮ ᠪᠡᠷᠬᠡ ᠵᠣᠪᠠᠨᠢᠯ ᠳᠤ | ᠠᠩᠬᠠᠷᠤᠯ ᠢᠶᠠᠨ ᠲᠥᠪᠯᠡᠷᠡᠭᠦᠯᠵᠦ ᠲᠥᠯᠥᠭᠡᠯᠡᠭᠴᠢ ᠬᠥᠳᠡᠯᠦᠯᠴᠡᠬᠦ︾ ᠠᠵᠢᠯᠯᠠᠭ᠎ᠠ ᠶᠢᠨ ᠰᠠᠷ᠎ᠠ ᠶᠢᠨ ᠲᠥᠰᠦᠯ ᠤᠨ ᠲᠣᠬᠢᠷᠠᠭᠤᠯᠤᠯᠲᠠ ᠶᠣᠰᠣᠭᠠᠷ᠂ ᠣᠶᠢᠷ᠎ᠠ ᠳᠤ᠂ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ ᠲᠣᠰ ᠲᠣᠰ ᠪᠠᠶᠢᠭ᠎ᠠ | ᠰᠣᠩᠭᠤᠭᠤᠯᠢ ᠶᠢᠨ ᠲᠣᠭᠤᠷᠢᠭ ᠲᠠᠭᠠᠨ ᠭᠦᠨᠵᠡᠭᠡᠶᠢᠷᠡᠨ ︽ᠬᠤᠤᠰ ᠬᠠᠷᠢᠯᠴᠠᠭ᠎ᠠ︾ ᠶᠢᠨ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠶᠢᠨ ᠬᠤᠭᠤᠴᠠᠭᠠᠨ ᠳᠤ᠂ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ ᠲᠥᠯᠥᠭᠡᠯᠡᠭᠴᠢᠳ ᠲᠤ ᠡᠨᠡ ᠵᠢᠯ ᠠᠴᠠ ᠨᠠᠰᠢᠬᠢ | ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠪᠠ ᠪᠠᠶᠢᠩᠭᠤ ᠶᠢᠨ ᠬᠤᠷᠢᠶᠠᠨ ᠤ ᠭᠤᠤᠯᠳᠠᠯᠭ᠎ᠠ ᠲᠠᠢ ᠠᠵᠢᠯ ᠢ ᠥᠷᠨᠢᠭᠦᠯᠦᠭᠰᠡᠨ | ᠪᠠᠶᠢᠳᠠᠯ ᠢ ᠮᠡᠳᠡᠭᠳᠡᠪᠡ᠃ ᠡᠭᠦᠨ ᠤ ᠬᠠᠮᠲᠤ᠂ ᠲᠥᠯᠥᠭᠡᠯᠡᠭᠴᠢᠳ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠡᠯ᠎ᠡ ᠱᠠᠲᠤᠨ ᠤ ᠲᠥᠯᠥᠭᠡᠯᠡᠭᠴᠢᠳ ᠤᠨ ᠠᠵᠢᠯ᠂ | ᠠᠮᠢᠳᠤᠷᠠᠯ ᠪᠠ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠬᠡᠭᠰᠡᠨ ᠪᠠᠶᠢᠳᠠᠯ ᠢ ᠨᠠᠷᠢᠨ ᠣᠶᠢᠯᠠᠭᠠᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠪᠠ ︽ᠨᠢᠭᠡ ᠵᠠᠰᠠᠭ ᠤᠨ ᠣᠷᠳᠣᠨ ᠨᠢᠭᠡ ᠵᠥᠪᠯᠡᠯ ᠬᠤᠶᠠᠷ ᠬᠤᠷᠢᠶ᠎ᠠ︾ ᠶᠢᠨ ᠠᠵᠢᠯ ᠤᠨ ᠲᠤᠬᠠᠶ ᠰᠠᠨᠠᠯ ᠰᠠᠨᠠᠭᠤᠯᠭ᠎ᠠ ᠶᠢ | ᠥᠷᠭᠡᠨ ᠢᠶᠠᠷ ᠬᠤᠷᠢᠶᠠᠪᠠ᠃ | ᠲᠣᠰ ᠤᠳᠠᠭᠠᠨ ᠤ ︽ᠬᠤᠤᠰ ᠬᠠᠷᠢᠯᠴᠠᠭ᠎ᠠ︾ ᠶᠢᠨ ᠠᠵᠢᠯᠯᠠᠭ᠎ᠠ ᠨᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠲᠤ | ᠥᠪᠡᠷ ᠤᠨ ᠡᠭᠦᠷᠭᠡ ᠪᠠ ᠡᠬᠦᠷᠬᠡᠯᠡᠯ ᠢ ᠭᠦᠨᠵᠡᠭᠡᠶ ᠮᠡᠳᠡᠷᠡᠭᠦᠯᠵᠦ᠂ ᠰᠣᠩᠭᠤᠭᠤᠯᠢ ᠶᠢᠨ ᠠᠷᠠᠳ ᠢ ᠰᠤᠷᠪᠤᠯᠵᠢᠯᠠᠬᠤ᠂ ᠶᠠᠷᠢᠯᠴᠠᠨ ᠰᠣᠯᠢᠯᠴᠠᠬᠤ ᠳᠤᠮᠳᠠ ᠬᠠᠮᠤᠭ ᠤᠨ | ᠦᠨᠡᠨ ᠪᠣᠳᠠᠲᠠᠶ ᠳᠠᠭᠤᠨ ᠢ ᠰᠣᠨᠣᠰᠴᠤ᠂ ᠬᠠᠮᠤᠭ ᠤᠨ ᠪᠣᠳᠠᠲᠠᠶ ᠶᠢ ᠡᠷᠬᠢᠮᠯᠡᠬᠦ ᠰᠠᠨᠠᠭᠤᠯᠭ᠎ᠠ ᠶᠢ ᠴᠤᠭᠯᠠᠭᠤᠯᠤᠭᠰᠠᠨ ᠪᠠᠶᠢᠨ᠎ᠠ᠃ ᠬᠤᠶᠢᠰᠢᠳᠠ ᠶᠢᠨ ᠠᠵᠢᠯ ᠤᠨ | ᠳᠤᠮᠳᠠ᠂ ︽ᠬᠤᠣᠰ ᠬᠠᠷᠢᠯᠴᠠᠭ᠎ᠠ︾ ᠶᠢᠨ ᠲᠦᠷᠢᠮ ᠢ ᠦᠷᠭᠦᠯᠵᠢᠯᠡᠨ ᠭᠦᠨᠵᠡᠭᠡᠶᠢᠷᠡᠭᠦᠯᠵᠦ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ | ᠪᠠᠶᠢᠭ᠎ᠠ ᠵᠦᠢᠯ ᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠭᠯᠡᠯ ᠪᠣᠯᠭᠠᠨ ᠬᠤᠪᠢᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠠᠷᠠᠳ ᠲᠦᠮᠡᠨ ᠨᠠᠮᠠᠶᠢ | ᠲᠥᠯᠥᠭᠡᠯᠡᠭᠴᠢ ᠪᠠᠷ ᠰᠤᠩᠭᠤᠵᠤ᠂ ᠪᠢ ᠲᠦᠯᠦᠬᠡᠯᠡᠭᠴᠢ ᠪᠤᠯᠵᠦ ᠠᠷᠠᠳ ᠲᠦᠮᠡᠨ ᠤ ᠲᠥᠯᠥᠭᠡ ᠦᠢᠯᠡᠴᠢᠯᠡᠨ᠎ᠠ︾ ᠭᠡᠬᠦ ᠲᠥᠪ ᠴᠢᠩᠭ᠎ᠠ ᠠᠮᠠᠯᠠᠯᠲᠠ ᠶᠢ | ᠦᠢᠯᠡᠳᠦᠯᠭᠡᠵᠢᠭᠦᠯᠦᠨ᠎ᠡ᠃ | ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠡᠯ᠎ᠡ ᠱᠠᠲᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ | ᠭᠠᠷᠭᠠᠬᠤ ᠶᠢ ᠢᠳᠡᠪᠬᠢᠲᠡᠶ ᠬᠥᠲᠥᠯᠦᠨ ᠵᠢᠯᠣᠭᠤᠳᠴᠤ᠂ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠬᠦ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠣᠯᠠᠨ | ᠲᠦᠮᠡᠨ ᠤ ᠬᠦᠰᠡᠯ ᠱᠠᠭᠠᠷᠳᠠᠯᠭ᠎ᠠ ᠶᠢ ᠰᠡᠳᠬᠢᠯ ᠳᠡᠯᠪᠢᠨ ᠰᠣᠨᠣᠰᠴᠤ᠂ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠢᠳᠡᠪᠬᠢᠲᠡᠶ ᠬᠠᠷᠢᠭᠤᠯᠲᠠ ᠥᠭᠴᠦ | ᠂ ᠣᠯᠠᠨ ᠲᠦᠮᠡᠨ ᠪᠠ ᠲᠥᠯᠥᠭᠡᠯᠡᠭᠴᠢᠳ ᠤᠨ ᠳᠤᠷᠠᠳᠤᠭᠰᠠᠨ ᠰᠠᠨᠠᠯ ᠰᠠᠨᠠᠭᠤᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠣᠯᠠᠨ ᠲᠦᠮᠡᠨ ᠤ ᠵᠣᠯ | ᠵᠢᠷᠭᠠᠯᠲᠤ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ |