| | | | ᠰᠢᠨᠬᠤᠸᠠ ᠬᠤᠷᠢᠶ᠎ᠠ ᠶᠢᠨ ᠠᠰᠲ᠋ᠠᠨᠠ ᠶᠢᠨ 6 ᠰᠠᠷ᠎ᠠ ᠶᠢᠨ 17 ᠤ ᠴᠠᠭᠢᠯᠭᠠᠨ ᠮᠡᠳᠡᠭᠡ ᠲᠤᠬᠠᠢ ᠶᠢᠨ ᠭᠠᠵᠠᠷ ᠤᠨ ᠴᠠᠭ ᠢᠶᠠᠷ 6 ᠰᠠᠷ᠎ᠠ ᠶᠢᠨ 17 ᠤ | ᠦᠳᠡ ᠶᠢᠨ ᠬᠤᠶᠢᠨ᠎ᠠ᠂ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ — ᠳᠤᠮᠳᠠ ᠠᠽᠢᠶ᠎ᠠ ᠶᠢᠨ ᠲᠦᠷᠦᠭᠦᠴᠦᠳ ᠤᠨ ᠬᠤᠷᠠᠯ ᠠᠰᠲ᠋ᠠᠨᠠ ᠶᠢᠨ ᠲᠤᠰᠠᠭᠠᠷ | ᠲᠣᠭᠲᠠᠨᠢᠯ ᠣᠷᠳᠣᠨ ᠳᠤ ᠶᠠᠪᠤᠭᠳᠠᠪᠠ᠃ ᠺᠠᠽᠠᠬᠰᠲ᠋ᠠᠨ ᠤ ᠶᠡᠷᠦᠩᠬᠡᠶᠢᠯᠡᠭᠴᠢ ᠲᠦᠸᠧᠺᠠᠶᠧᠹ ᠬᠤᠷᠠᠯ ᠢ ᠡᠷᠭᠢᠯᠡᠪᠡ᠃ ᠳᠤᠮᠳᠠᠳᠤ ᠤᠯᠤᠰ ᠤᠨ ᠤᠯᠤᠰ ᠤᠨ | ᠲᠡᠷᠢᠭᠦᠯᠡᠭᠴᠢ ᠰᠢ ᠶᠢᠨ ᠫᠢᠩ᠂ ᠺᠢᠷᠭᠢᠽᠰᠲ᠋ᠠᠨ ᠤ ᠶᠡᠷᠦᠩᠬᠡᠶᠢᠯᠡᠭᠴᠢ ᠵᠠᠫᠠᠯᠤᠹ᠂ ᠲᠠᠵᠢᠺᠰᠲ᠋ᠠᠨ ᠤ ᠶᠡᠷᠦᠩᠬᠡᠶᠢᠯᠡᠭᠴᠢ ᠯᠠᠾᠧᠮᠧᠩ᠂ ᠲᠦᠷᠺᠮᠧᠨ᠋ᠰᠲ᠋ᠠᠨ ᠤ | ᠶᠡᠷᠦᠩᠬᠡᠶᠢᠯᠡᠭᠴᠢ ᠪᠧᠷᠳᠢᠮᠦ᠋ᠬᠠᠮᠧᠳᠤᠹ᠂ ᠦᠽᠪᠤᠺᠰᠲ᠋ᠠᠨ ᠤ ᠶᠡᠷᠦᠩᠬᠡᠶᠢᠯᠡᠭᠴᠢ ᠮᠢᠷᠵᠢᠶᠤᠤᠶᠧᠹ ᠣᠷᠣᠯᠴᠠᠪᠠ᠃ ᠤᠯᠤᠰ ᠤᠨ ᠲᠡᠷᠢᠭᠦᠨ ᠨᠠᠷ ᠨᠥᠭᠦᠷᠰᠡᠭ ᠠᠭᠤᠷ | ᠠᠮᠢᠰᠬᠤᠯ ᠤᠨ ᠳᠤᠮᠳᠠ ᠰᠢ ᠠᠨ ᠤ ᠲᠦᠷᠦᠭᠦᠴᠦᠳ ᠤᠨ ᠬᠤᠷᠠᠯ ᠠᠴᠠ ᠨᠠᠭᠠᠰᠢᠬᠢ ᠳᠤᠮᠳᠠᠳᠤ ᠤᠯᠤᠰ — ᠳᠤᠮᠳᠠ ᠠᠽᠢᠶ᠎ᠠ ᠶᠢᠨ ᠡᠯ᠎ᠡ ᠬᠦᠷᠢᠶᠡᠨ ᠤ | ᠬᠠᠮᠲᠤᠷᠠᠯᠴᠠᠭᠠᠨ ᠤ ᠦᠷ᠎ᠡ ᠪᠦᠲᠦᠭᠡᠯ ᠢ ᠬᠠᠮᠲᠤ ᠪᠠᠷ ᠡᠷᠭᠢᠴᠡᠭᠦᠯᠵᠦ᠂ ᠢᠷᠡᠭᠡᠳᠦᠢ ᠶᠢᠨ ᠬᠥᠭᠵᠢᠯᠲᠡ ᠶᠢᠨ ᠴᠢᠭᠯᠡᠯ ᠢ ᠪᠠᠷᠠᠯᠠᠨ᠂ ︽ᠳᠤᠮᠳᠠᠳᠤ ᠤᠯᠤᠰ — | ᠳᠤᠮᠳᠠ ᠠᠽᠢᠶ᠎ᠠ ᠶᠢᠨ ᠵᠣᠷᠢᠭ ᠰᠠᠨᠠᠭ᠎ᠠ︾ ᠶᠢ ᠪᠠᠳᠠᠷᠠᠭᠤᠯᠵᠤ᠂ ᠥᠨᠢᠳᠡ ᠶᠢᠨ ᠡᠶᠡᠯᠳᠡᠭ ᠬᠥᠷᠰᠢ ᠶᠢᠨ ᠨᠥᠭᠦᠷᠰᠡᠭ ᠬᠠᠷᠢᠯᠴᠠᠭ᠎ᠠ ᠶᠢ ᠪᠠᠷᠢᠮᠲᠠᠯᠠᠨ᠂ ᠳᠤᠮᠳᠠᠳᠤ | ᠤᠯᠤᠰ — ᠳᠤᠮᠳᠠ ᠠᠽᠢᠶ᠎ᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠲᠠᠰᠤᠷᠠᠯᠲᠠ ᠦᠭᠡᠢ ᠰᠢᠨ᠎ᠡ ᠠᠮᠵᠢᠯᠲᠠ ᠪᠦᠲᠦᠮᠵᠢ | ᠣᠯᠬᠤ ᠶᠢ ᠭᠠᠷ ᠬᠤᠯᠪᠣᠯᠴᠠᠨ ᠠᠬᠢᠭᠤᠯᠬᠤ ᠪᠠᠷ ᠰᠠᠨᠠᠯ ᠨᠢᠭᠡᠲᠡᠢ ᠲᠣᠭᠲᠠᠪᠠ᠃ | | | | | | ᠲᠤᠬᠠᠢ ᠶᠢᠨ ᠭᠠᠵᠠᠷ ᠤᠨ ᠴᠠᠭ ᠢᠶᠠᠷ 6 ᠰᠠᠷ᠎ᠠ ᠶᠢᠨ 17 ᠤ ᠦᠳᠡ ᠶᠢᠨ ᠬᠤᠶᠢᠨ᠎ᠠ᠂ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ — ᠳᠤᠮᠳᠠ | ᠠᠽᠢᠶ᠎ᠠ ᠶᠢᠨ ᠲᠦᠷᠦᠭᠦᠴᠦᠳ ᠤᠨ ᠬᠤᠷᠠᠯ ᠠᠰᠲ᠋ᠠᠨᠠ ᠶᠢᠨ ᠲᠤᠰᠠᠭᠠᠷ ᠲᠣᠭᠲᠠᠨᠢᠯ ᠣᠷᠳᠣᠨ ᠳᠤ ᠶᠠᠪᠤᠭᠳᠠᠪᠠ᠃ ᠺᠠᠽᠠᠬᠰᠲ᠋ᠠᠨ ᠤ ᠶᠡᠷᠦᠩᠬᠡᠶᠢᠯᠡᠭᠴᠢ ᠲᠦᠸᠧᠺᠠᠶᠧᠹ | ᠬᠤᠷᠠᠯ ᠢ ᠡᠷᠭᠢᠯᠡᠪᠡ᠃ ᠳᠤᠮᠳᠠᠳᠤ ᠤᠯᠤᠰ ᠤᠨ ᠤᠯᠤᠰ ᠤᠨ ᠲᠡᠷᠢᠭᠦᠯᠡᠭᠴᠢ ᠰᠢ ᠶᠢᠨ ᠫᠢᠩ᠂ ᠺᠢᠷᠭᠢᠽᠰᠲ᠋ᠠᠨ ᠤ ᠶᠡᠷᠦᠩᠬᠡᠶᠢᠯᠡᠭᠴᠢ ᠵᠠᠫᠠᠯᠤᠹ᠂ ᠲᠠᠵᠢᠺᠰᠲ᠋ᠠᠨ ᠤ | ᠶᠡᠷᠦᠩᠬᠡᠶᠢᠯᠡᠭᠴᠢ ᠯᠠᠾᠧᠮᠧᠩ᠂ ᠲᠦᠷᠺᠮᠧᠨ᠋ᠰᠲ᠋ᠠᠨ ᠤ ᠶᠡᠷᠦᠩᠬᠡᠶᠢᠯᠡᠭᠴᠢ ᠪᠧᠷᠳᠢᠮᠦ᠋ᠬᠠᠮᠧᠳᠤᠹ᠂ ᠦᠽᠪᠤᠺᠰᠲ᠋ᠠᠨ ᠤ ᠶᠡᠷᠦᠩᠬᠡᠶᠢᠯᠡᠭᠴᠢ ᠮᠢᠷᠵᠢᠶᠤᠤᠶᠧᠹ ᠣᠷᠣᠯᠴᠠᠵᠠᠢ᠃ | ᠵᠢᠷᠤᠭ ᠪᠣᠯ ᠰᠢ ᠶᠢᠨ ᠫᠢᠩ ︽︿ᠳᠤᠮᠳᠠᠳᠤ ᠤᠯᠤᠰ — ᠳᠤᠮᠳᠠ ᠠᠽᠢᠶ᠎ᠠ ᠶᠢᠨ ᠵᠣᠷᠢᠭ ᠰᠠᠨᠠᠭ᠎ᠠ﹀ ᠶᠢ ᠪᠠᠳᠠᠷᠠᠭᠤᠯᠵᠤ ᠭᠠᠵᠠᠷ ᠣᠷᠣᠨ ᠤ ᠬᠠᠮᠲᠤᠷᠠᠯᠴᠠᠭᠠᠨ ᠤ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠶ᠎ᠠ︾ ᠭᠡᠬᠦ ᠰᠡᠳᠦᠪ ᠢᠶᠠᠷ ᠭᠤᠣᠯ ᠵᠤᠷᠢᠯᠳᠠᠳᠤ ᠦᠭᠡ ᠬᠡᠯᠡᠵᠦ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠬᠤᠸᠠᠩ ᠵᠢᠩ ᠸᠧᠨ ᠰᠡᠭᠦᠳᠡᠷᠯᠡᠪᠡ | | ᠰᠢ ᠶᠢᠨ ᠫᠢᠩ ᠳᠤᠮᠳᠠ ᠠᠽᠢᠶ᠎ᠠ ᠶᠢᠨ ᠲᠠᠪᠤᠨ ᠤᠯᠤᠰ ᠤᠨ ᠲᠡᠷᠢᠭᠦᠨ ᠲᠠᠢ ᠬᠠᠮᠲᠤ ᠭᠡᠷᠡᠯ ᠵᠢᠷᠤᠭ ᠲᠠᠲᠠᠭᠤᠯᠵᠤ᠂ ᠳᠠᠷᠠᠭ᠎ᠠ ᠨᠢ ᠲᠦᠷᠦᠭᠦᠴᠦᠳ ᠤᠨ | ᠬᠤᠷᠠᠯ ᠳᠤ ᠣᠷᠣᠯᠴᠠᠵᠤ᠂ ︽︿ᠳᠤᠮᠳᠠᠳᠤ ᠤᠯᠤᠰ — ᠳᠤᠮᠳᠠ ᠠᠽᠢᠶ᠎ᠠ ᠶᠢᠨ ᠵᠣᠷᠢᠭ ᠰᠠᠨᠠᠭ᠎ᠠ﹀ ᠶᠢ ᠪᠠᠳᠠᠷᠠᠭᠤᠯᠵᠤ ᠭᠠᠵᠠᠷ ᠣᠷᠣᠨ ᠤ ᠬᠠᠮᠲᠤᠷᠠᠯᠴᠠᠭᠠᠨ ᠤ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠶ᠎ᠠ︾ ᠭᠡᠬᠦ ᠰᠡᠳᠦᠪ ᠢᠶᠠᠷ ᠭᠤᠣᠯ ᠵᠤᠷᠢᠯᠳᠠᠳᠤ ᠦᠭᠡ ᠬᠡᠯᠡᠪᠡ᠃ | | | | | | ᠲᠤᠬᠠᠢ ᠶᠢᠨ ᠭᠠᠵᠠᠷ ᠤᠨ ᠴᠠᠭ ᠢᠶᠠᠷ 6 ᠰᠠᠷ᠎ᠠ ᠶᠢᠨ 17 ᠤ ᠦᠳᠡ ᠶᠢᠨ ᠬᠤᠶᠢᠨ᠎ᠠ᠂ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ — ᠳᠤᠮᠳᠠ | ᠠᠽᠢᠶ᠎ᠠ ᠶᠢᠨ ᠲᠦᠷᠦᠭᠦᠴᠦᠳ ᠤᠨ ᠬᠤᠷᠠᠯ ᠠᠰᠲ᠋ᠠᠨᠠ ᠶᠢᠨ ᠲᠤᠰᠠᠭᠠᠷ ᠲᠣᠭᠲᠠᠨᠢᠯ ᠣᠷᠳᠣᠨ ᠳᠤ ᠶᠠᠪᠤᠭᠳᠠᠪᠠ᠃ ᠺᠠᠽᠠᠬᠰᠲ᠋ᠠᠨ ᠤ ᠶᠡᠷᠦᠩᠬᠡᠶᠢᠯᠡᠭᠴᠢ ᠲᠦᠸᠧᠺᠠᠶᠧᠹ | ᠬᠤᠷᠠᠯ ᠢ ᠡᠷᠭᠢᠯᠡᠪᠡ᠃ ᠳᠤᠮᠳᠠᠳᠤ ᠤᠯᠤᠰ ᠤᠨ ᠤᠯᠤᠰ ᠤᠨ ᠲᠡᠷᠢᠭᠦᠯᠡᠭᠴᠢ ᠰᠢ ᠶᠢᠨ ᠫᠢᠩ᠂ ᠺᠢᠷᠭᠢᠽᠰᠲ᠋ᠠᠨ ᠤ ᠶᠡᠷᠦᠩᠬᠡᠶᠢᠯᠡᠭᠴᠢ ᠵᠠᠫᠠᠯᠤᠹ᠂ ᠲᠠᠵᠢᠺᠰᠲ᠋ᠠᠨ ᠤ | ᠶᠡᠷᠦᠩᠬᠡᠶᠢᠯᠡᠭᠴᠢ ᠯᠠᠾᠧᠮᠧᠩ᠂ ᠲᠦᠷᠺᠮᠧᠨ᠋ᠰᠲ᠋ᠠᠨ ᠤ ᠶᠡᠷᠦᠩᠬᠡᠶᠢᠯᠡᠭᠴᠢ ᠪᠧᠷᠳᠢᠮᠦ᠋ᠬᠠᠮᠧᠳᠤᠹ᠂ ᠦᠽᠪᠤᠺᠰᠲ᠋ᠠᠨ ᠤ ᠶᠡᠷᠦᠩᠬᠡᠶᠢᠯᠡᠭᠴᠢ ᠮᠢᠷᠵᠢᠶᠤᠤᠶᠧᠹ ᠣᠷᠣᠯᠴᠠᠪᠠ᠃ | ᠵᠢᠷᠤᠭ ᠪᠣᠯ ᠰᠢ ᠶᠢᠨ ᠫᠢᠩ ᠳᠤᠮᠳᠠ ᠠᠽᠢᠶ᠎ᠠ ᠶᠢᠨ ᠲᠠᠪᠤᠨ ᠤᠯᠤᠰ ᠤᠨ ᠲᠡᠷᠢᠭᠦᠨ ᠲᠠᠢ ᠬᠠᠮᠲᠤ ᠭᠡᠷᠡᠯ ᠵᠢᠷᠤᠭ ᠲᠠᠲᠠᠭᠤᠯᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠰᠢᠶᠧ ᠬᠤᠸᠠᠨ ᡂᠢ ᠰᠡᠭᠦᠳᠡᠷᠯᠡᠪᠡ | | ᠰᠢ ᠶᠢᠨ ᠫᠢᠩ᠂ ᠬᠤᠶᠠᠷ ᠵᠢᠯ ᠤᠨ ᠡᠮᠦᠨ᠎ᠡ᠂ ᠪᠢᠳᠡ ᠳᠤᠮᠳᠠᠳᠤ ᠤᠯᠤᠰ ᠤᠨ ᠰᠢ ᠠᠨ ᠳᠤ ᠴᠤᠭᠯᠠᠷᠠᠵᠤ᠂ ᠳᠤᠮᠳᠠᠳᠤ ᠤᠯᠤᠰ ᠳᠤᠮᠳᠠ ᠠᠽᠢᠶ᠎ᠠ ᠶᠢᠨ | ᠬᠠᠮᠲᠤᠷᠠᠯᠴᠠᠭᠠᠨ ᠤ ︽ᠰᠢ ᠠᠨ ᠤ ᠠᠯᠤᠰ ᠤᠨ ᠲᠥᠰᠥᠪ︾ ᠢ ᠬᠠᠮᠲᠤ ᠪᠠᠷ ᠵᠢᠷᠤᠭᠯᠠᠪᠠ᠃ ᠬᠤᠶᠠᠷ ᠵᠢᠯ ᠤᠨ ᠲᠤᠷᠰᠢ᠂ ᠳᠤᠮᠳᠠᠳᠤ ᠤᠯᠤᠰ ᠪᠣᠯᠣᠨ ᠳᠤᠮᠳᠠ | ᠠᠽᠢᠶ᠎ᠠ ᠶᠢᠨ ᠤᠯᠤᠰ ᠤᠳ ᠤᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠠᠵᠢᠯ ᠭᠦᠨᠵᠡᠭᠡᠶᠢᠷᠡᠨ ᠪᠣᠳᠠᠲᠠᠶᠢᠵᠢᠵᠤ᠂ ᠡᠯ᠎ᠡ | ᠬᠦᠷᠢᠶᠡᠨ ᠳᠠᠬᠢ ᠬᠠᠮᠲᠤᠷᠠᠯᠴᠠᠭ᠎ᠠ ᠢᠳᠡᠪᠬᠢᠲᠡᠢ ᠠᠬᠢᠵᠤ᠂ ᠳᠤᠮᠳᠠᠳᠤ ᠤᠯᠤᠰ — ᠳᠤᠮᠳᠠ ᠠᠽᠢᠶ᠎ᠠ ᠶᠢᠨ ᠲᠣᠭᠲᠠᠴᠠ ᠶᠢᠨ ᠨᠢᠷᠤᠭᠤ ᠲᠤᠯᠭᠠᠭᠤᠷᠢ | ᠦᠨᠳᠦᠰᠦᠨ ᠳᠡᠭᠡᠨ ᠪᠦᠷᠢᠯᠳᠦᠵᠦ᠂ ᠬᠠᠮᠲᠤᠷᠠᠯᠴᠠᠭᠠᠨ ᠤ ᠵᠠᠮ ᠶᠠᠪᠤᠬᠤ ᠲᠤᠲᠤᠮ ᠥᠷᠭᠡᠵᠢᠵᠦ᠂ ᠨᠥᠬᠦᠷᠯᠡᠯ ᠤᠨ ᠴᠡᠴᠡᠭ ᠶᠠᠪᠤᠬᠤ ᠲᠤᠲᠤᠮ ᠭᠢᠯᠠᠯᠵᠠᠨ ᠳᠡᠯᠭᠡᠷᠡᠪᠡ | ᠭᠡᠵᠦ ᠵᠢᠭᠠᠵᠤ ᠭᠠᠷᠭᠠᠵᠠᠢ᠃ | ᠰᠢ ᠶᠢᠨ ᠫᠢᠩ᠂ ᠪᠢᠳᠡᠨ ᠤ ᠬᠠᠮᠲᠤᠷᠠᠯᠴᠠᠭ᠎ᠠ ᠬᠤᠶᠠᠷ ᠮᠢᠩᠭ᠎ᠠ ᠭᠠᠷᠤᠢ ᠵᠢᠯ ᠤᠨ ᠨᠥᠭᠦᠷᠰᠡᠭ ᠶᠠᠪᠤᠯᠴᠠᠭ᠎ᠠ ᠳᠤ ᠦᠨᠳᠦᠰᠦᠯᠡᠵᠦ᠂ ᠬᠠᠷᠢᠯᠴᠠᠭ᠎ᠠ | ᠪᠠᠶᠢᠭᠤᠯᠤᠭᠰᠠᠨ 30 ᠭᠠᠷᠤᠢ ᠵᠢᠯ ᠤᠨ ᠪᠦᠯᠬᠦᠮᠳᠡᠯ ᠢᠲᠡᠭᠡᠯᠴᠡᠭᠡ ᠳᠤ ᠦᠨᠳᠦᠰᠦᠯᠡᠵᠦ᠂ ᠰᠢᠨ᠎ᠡ ᠴᠠᠭ ᠦᠶ᠎ᠡ ᠠᠴᠠ ᠨᠠᠭᠠᠰᠢᠬᠢ ᠨᠡᠭᠡᠭᠡᠯᠲᠡ ᠬᠢᠵᠦ ᠬᠠᠮᠲᠤ ᠪᠠᠷ | ᠠᠰᠢᠭ ᠭᠦᠷᠳᠡᠭᠦ ᠠᠴᠠ ᠪᠣᠯᠵᠤ ᠬᠥᠭᠵᠢᠪᠡ᠃ ᠤᠷᠳᠤ ᠬᠤᠭᠤᠴᠠᠭᠠᠨ ᠤ ᠦᠢᠯᠡᠳᠦᠯᠭᠡ ᠳᠤᠮᠳᠠ᠂ ᠪᠢᠳᠡ ︽ᠬᠠᠷᠢᠯᠴᠠᠨ ᠬᠦᠨᠳᠦᠳᠬᠡᠬᠦ᠂ ᠬᠠᠷᠢᠯᠴᠠᠨ ᠢᠲᠡᠭᠡᠯᠴᠡᠬᠦ᠂ | ᠬᠠᠷᠢᠯᠴᠠᠨ ᠠᠰᠢᠭ ᠬᠦᠷᠲᠡᠭᠡᠬᠦ᠂ ᠬᠠᠷᠢᠯᠴᠠᠨ ᠬᠠᠪᠰᠤᠷᠤᠯᠴᠠᠬᠤ᠂ ᠴᠢᠨᠠᠷ ᠰᠠᠶᠢᠲᠠᠢ ᠬᠥᠭᠵᠢᠯᠲᠡ ᠪᠠᠷ ᠬᠠᠮᠲᠤ ᠶᠢᠨ ᠣᠳᠣᠬᠢᠴᠢᠯᠠᠯᠲᠠ ᠶᠢ ᠠᠬᠢᠭᠤᠯᠬᠤ︾ ᠪᠦᠬᠦᠢ ︽ | ᠳᠤᠮᠳᠠᠳᠤ ᠤᠯᠤᠰ — ᠳᠤᠮᠳᠠ ᠠᠽᠢᠶ᠎ᠠ ᠶᠢᠨ ᠵᠣᠷᠢᠭ ᠰᠠᠨᠠᠭ᠎ᠠ︾ ᠶᠢ ᠰᠦᠪᠡᠭᠴᠢᠯᠡᠨ ᠪᠦᠷᠢᠯᠳᠦᠭᠦᠯᠪᠡ᠄ ᠬᠠᠷᠢᠯᠴᠠᠨ ᠬᠦᠨᠳᠦᠳᠬᠡᠬᠦ᠂ ᠡᠷᠬᠡ ᠲᠡᠭᠰᠢ ᠪᠠᠷ | ᠬᠠᠨᠳᠤᠬᠤ ᠶᠢ ᠪᠠᠷᠢᠮᠲᠠᠯᠠᠵᠤ᠂ ᠤᠯᠤᠰ ᠤᠨ ᠶᠡᠭᠡ ᠪᠠᠭ᠎ᠠ ᠭᠡᠵᠦ ᠢᠯᠭᠠᠯ ᠦᠭᠡᠢ ᠨᠢᠭᠡ ᠯᠡ ᠠᠳᠠᠯᠢ ᠪᠠᠷ ᠬᠠᠨᠳᠤᠵᠤ᠂ ᠤᠴᠢᠷ ᠶᠠᠪᠤᠳᠠᠯ ᠢ ᠤᠯᠠᠨ ᠢᠶᠠᠷ ᠢᠶᠠᠨ | ᠵᠥᠪᠳᠡᠯᠴᠡᠨ ᠰᠢᠢᠳᠪᠦᠷᠢᠯᠡᠵᠦ᠂ ᠵᠥᠪᠳᠡᠯᠴᠡᠨ ᠰᠠᠨᠠᠯ ᠨᠢᠭᠡᠲᠡᠢ ᠪᠠᠷ ᠰᠢᠢᠳᠪᠦᠷᠢᠲᠦ ᠪᠣᠳᠣᠯᠭ᠎ᠠ ᠲᠣᠬᠲᠠᠭᠠᠪᠠ︔ ᠢᠲᠡᠭᠡᠯᠴᠡᠭᠡ ᠪᠠᠨ ᠭᠦᠨᠵᠡᠭᠡᠶᠢᠷᠡᠭᠦᠯᠬᠦ᠂ ᠲᠠᠭᠤᠨ | ᠨᠢᠭᠡᠲᠡᠢ ᠪᠠᠶᠢᠬᠤ ᠶᠢ ᠪᠠᠷᠢᠮᠲᠠᠯᠠᠵᠤ᠂ ᠲᠤᠰ ᠲᠤᠰ ᠤᠨ ᠢᠶᠠᠨ ᠤᠯᠤᠰ ᠤᠨ ᠲᠤᠰᠠᠭᠠᠷ ᠲᠣᠭᠲᠠᠨᠢᠯ᠂ ᠡᠷᠬᠡ ᠮᠡᠳᠡᠯ᠂ ᠨᠤᠲᠤᠭ ᠳᠡᠪᠢᠰᠬᠡᠷ ᠤᠨ ᠪᠦᠷᠢᠨ ᠪᠦᠲᠦᠨ | ᠪᠠᠶᠢᠬᠤ ᠪᠠ ᠦᠨᠳᠦᠰᠦᠲᠡᠨ ᠤ ᠨᠡᠷ᠎ᠡ ᠬᠦᠨᠳᠦ ᠪᠠᠨ ᠬᠠᠮᠠᠭᠠᠯᠠᠬᠤ ᠶᠢ ᠡᠷᠡᠰ ᠲᠡᠮᠵᠢᠵᠥ᠂ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠶᠢ ᠬᠤᠬᠢᠷᠠᠭᠤᠯᠬᠤ | ᠶᠠᠪᠤᠳᠠᠯ ᠢ ᠦᠯᠤ ᠭᠢᠪᠠ︔ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠲᠡᠭᠦ᠂ ᠬᠠᠮᠲᠤ ᠪᠠᠷ ᠬᠥᠭᠵᠢᠬᠦ ᠶᠢ ᠪᠠᠷᠢᠮᠲᠠᠯᠠᠵᠤ᠂ ᠬᠠᠷᠢᠯᠴᠠᠨ ᠤᠷᠢᠳ ᠢᠶᠠᠷ | ᠪᠣᠳᠣᠯᠬᠢᠯᠠᠬᠤ ᠬᠠᠨᠢᠲᠠᠨ ᠪᠣᠯᠵᠤ᠂ ᠬᠠᠷᠢᠯᠴᠠᠨ ᠬᠥᠭᠵᠢᠯᠲᠡ ᠶᠢᠨ ᠠᠵᠠ ᠲᠣᠭᠢᠶᠠᠯ ᠣᠯᠭᠤᠵᠤ᠂ ᠡᠯ᠎ᠡ ᠲᠠᠯ᠎ᠠ ᠶᠢᠨ ᠠᠰᠢᠭ ᠲᠤᠰᠠ ᠶᠢ ᠬᠠᠮᠲᠤ ᠳᠤᠨᠢ ᠬᠠᠷᠠᠭᠠᠯᠵᠠᠵᠤ᠂ | ᠤᠯᠠᠨ ᠠᠰᠢᠭ ᠬᠦᠷᠲᠡᠵᠦ ᠬᠠᠮᠲᠤ ᠪᠠᠷ ᠣᠷᠣᠰᠢᠬᠤ ᠶᠢ ᠪᠡᠶᠡᠯᠡᠭᠦᠯᠪᠡ︔ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠬᠠᠲᠠᠭᠤ ᠪᠡᠷᠬᠡᠰᠢᠶᠡᠯ ᠢ ᠬᠠᠮᠲᠤ ᠪᠠᠷ | ᠲᠤᠭᠤᠯᠬᠤ ᠶᠢ ᠪᠠᠷᠢᠮᠲᠠᠯᠠᠵᠤ᠂ ᠲᠤᠰ ᠲᠤᠰ ᠤᠨ ᠢᠶᠠᠨ ᠤᠯᠤᠰ ᠤᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠳᠡᠮᠵᠢᠵᠦ᠂ ᠥᠪᠡᠷ ᠤᠨ | ᠶᠠᠪᠤᠳᠠᠯ ᠢᠶᠠᠨ ᠰᠠᠶᠢᠲᠤᠷ ᠬᠢᠵᠦ᠂ ᠡᠯ᠎ᠡ ᠲᠦᠷᠦᠯ ᠤᠨ ᠠᠶᠤᠯ ᠲᠦᠭᠰᠢᠭᠦᠷᠢ ᠥᠷᠢᠰᠦᠯᠳᠦᠭᠡᠨ ᠢ ᠬᠦᠴᠦ ᠪᠠᠨ ᠬᠠᠮᠲᠤᠳᠬᠠᠨ ᠠᠷᠭᠠᠴᠠᠭᠠᠵᠤ᠂ ᠭᠠᠵᠠᠷ ᠣᠷᠣᠨ ᠤ | ᠠᠮᠤᠷ ᠲᠦᠪᠰᠢᠨ ᠲᠣᠭᠲᠠᠭᠤᠨ ᠢ ᠬᠠᠮᠲᠤ ᠪᠠᠷ ᠬᠠᠮᠠᠭᠠᠯᠠᠪᠠ᠃ ︽ᠳᠤᠮᠳᠠᠳᠤ ᠤᠯᠤᠰ — ᠳᠤᠮᠳᠠ ᠠᠽᠢᠶ᠎ᠠ ᠶᠢᠨ ᠵᠣᠷᠢᠭ ᠰᠠᠨᠠᠭ᠎ᠠ︾ ᠨᠢ ᠦᠶ᠎ᠡ ᠦᠶ᠎ᠡ ᠶᠢᠨ | ᠨᠥᠭᠦᠷᠰᠡᠭ ᠬᠠᠮᠲᠤᠷᠠᠯᠴᠠᠭ᠎ᠠ ᠳᠤ ᠴᠢᠬᠤᠯᠠ ᠵᠢᠷᠤᠮᠯᠠᠯ ᠬᠠᠩᠭᠠᠪᠠ᠂ ᠪᠢᠳᠡ ᠢᠮᠠᠭᠲᠠ ᠪᠠᠷᠢᠮᠲᠠᠯᠠᠵᠤ᠂ ᠲᠠᠰᠤᠷᠠᠯᠳᠠ ᠦᠭᠡᠢ ᠪᠠᠳᠠᠷᠠᠭᠤᠯᠤᠨ ᠳᠡᠯᠭᠡᠷᠡᠭᠦᠯᠦᠶ᠎ᠡ ᠭᠡᠵᠦ | ᠴᠢᠬᠤᠯᠠᠴᠢᠯᠠᠵᠠᠢ᠃ | ᠰᠢ ᠶᠢᠨ ᠫᠢᠩ᠂ ᠣᠳᠣᠬᠠᠨ ᠳᠤ᠂ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠲᠦᠷᠭᠡᠰᠦᠨ ᠬᠤᠪᠢᠷᠠᠵᠤ᠂ ᠳᠡᠯᠡᠬᠡᠢ ᠳ᠋ᠠᠬᠢᠨ ᠰᠢᠨ᠎ᠡ | ᠣᠷᠤᠭ᠎ᠠ ᠪᠤᠰᠬᠠᠭ᠎ᠠ ᠬᠤᠪᠢᠰᠤᠯᠲᠠ ᠶᠢᠨ ᠬᠤᠭᠤᠴᠠᠭᠠᠨ ᠳᠤ ᠣᠷᠣᠪᠠ᠃ ᠭᠠᠭᠴᠠ ᠬᠦ ᠲᠥᠪ ᠭᠤᠣᠯᠴᠢ ᠰᠢᠳᠤᠷᠭᠤ ᠶᠣᠰᠣ ᠶᠢ ᠭᠤᠶᠢᠪᠢᠰᠢ ᠦᠭᠡᠢ ᠪᠠᠷᠢᠮᠲᠠᠯᠠᠵᠤ᠂ | ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠡᠷᠴᠢ ᠵᠣᠷᠢᠭ ᠢᠶᠠᠨ ᠬᠥᠪᠴᠢᠯᠡᠪᠡᠯ ᠰᠠᠶ᠋ᠢ ᠳᠡᠯᠡᠬᠡᠢ ᠶᠢᠨ ᠡᠩᠬᠡ ᠲᠠᠶᠢᠪᠤᠩ ᠢ ᠬᠠᠮᠠᠭᠠᠯᠠᠵᠤ᠂ ᠬᠠᠮᠲᠤ ᠶᠢᠨ | ᠬᠥᠭᠵᠢᠯᠲᠡ ᠶᠢ ᠪᠡᠶᠡᠯᠡᠭᠦᠯᠵᠦ ᠴᠢᠳᠠᠨ᠎ᠠ᠃ ᠪᠣᠭᠤᠮᠲᠠ ᠶᠢᠨ ᠭᠠᠶᠢᠯᠢ ᠶᠢᠨ ᠲᠠᠶᠢᠨ᠂ ᠠᠷᠠᠯᠵᠢᠶᠠᠨ ᠤ ᠲᠠᠶᠢᠨ ᠳᠤ ᠢᠯᠠᠭᠴᠢ ᠭᠡᠵᠦ ᠪᠠᠶᠢᠬᠤ ᠦᠭᠡᠢ᠂ ᠭᠠᠭᠴᠠ | ᠲᠠᠯᠠᠲᠤ ᠦᠵᠡᠯ᠂ ᠬᠠᠮᠠᠭᠠᠯᠠᠬᠤ ᠦᠵᠡᠯ᠂ ᠡᠵᠡᠷᠬᠡᠬᠦ ᠦᠵᠡᠯ ᠨᠢ ᠪᠤᠰᠤᠳ ᠲᠤ ᠬᠤᠣᠷ ᠬᠥᠨᠥᠭᠡᠯ ᠤᠴᠠᠷᠠᠭᠤᠯᠬᠤ ᠨᠢ ᠵᠠᠶᠢᠯᠠᠰᠢ ᠦᠭᠡᠢ ᠶᠤᠮ᠃ ᠲᠡᠦᠬᠡ ᠬᠤᠶᠢᠰᠢ | ᠤᠬᠤᠷᠢᠵᠤ ᠪᠤᠯᠬᠤ ᠦᠭᠡᠢ᠂ ᠤᠷᠤᠭᠰᠢᠯᠠᠬᠤ ᠭᠡᠷᠡᠭᠲᠡᠢ︔ ᠳᠡᠯᠡᠭᠡᠢ ᠶᠢᠷᠲᠢᠨᠴᠦ ᠬᠠᠭᠠᠴᠠᠵᠤ ᠪᠤᠯᠬᠤ ᠦᠭᠡᠢ᠂ ᠪᠦᠯᠬᠦᠮᠳᠡᠪᠡᠯ ᠵᠤᠭᠢᠨ᠎ᠠ︔ ᠬᠥᠮᠥᠨ ᠲᠥᠷᠥᠯᠬᠢᠲᠡᠨ | ᠪᠠᠯᠠᠷ ᠤᠢ ᠶᠢᠨ ᠵᠢᠮ᠎ᠡ ᠬᠠᠤᠯᠢ ᠳᠤ ᠪᠤᠴᠠᠵᠤ ᠪᠤᠯᠬᠤ ᠦᠭᠡᠢ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠪᠠᠯ ᠵᠣᠬᠢᠨ᠎ᠠ᠃ | ᠪᠢᠳᠠ ︽ᠳᠤᠮᠳᠠᠳᠤ ᠤᠯᠤᠰ — ᠳᠤᠮᠳᠠ ᠠᠽᠢᠶ᠎ᠠ ᠶᠢᠨ ᠵᠣᠷᠢᠭ ᠰᠠᠨᠠᠭ᠎ᠠ︾ ᠪᠠᠷ ᠵᠢᠯᠣᠭᠤᠳᠤᠮᠵᠢ ᠪᠤᠯᠭᠠᠵᠤ᠂ ᠨᠡᠩ ᠤᠷᠤᠭᠰᠢᠯᠠᠨ ᠲᠠᠪᠰᠢᠬᠤ ᠣᠪᠣᠷ ᠪᠠᠶᠢᠳᠠᠯ | ᠪᠣᠯᠣᠨ ᠨᠡᠩ ᠪᠣᠳᠠᠲᠠᠢ ᠶᠢ ᠡᠷᠭᠢᠮᠯᠡᠭᠦ ᠠᠷᠭ᠎ᠠ ᠬᠡᠮᠵᠢᠶ᠎ᠡ ᠪᠠᠷ ᠬᠠᠮᠲᠤᠷᠠᠯᠴᠠᠭ᠎ᠠ ᠪᠠᠨ ᠴᠢᠩᠭᠠᠳᠬᠠᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ | ᠪᠠᠶᠢᠭᠤᠯᠬᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠳᠤᠮᠳᠠᠳᠤ ᠤᠯᠤᠰ — ᠳᠤᠮᠳᠠ ᠠᠽᠢᠶ᠎ᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ | ᠪᠠᠶᠢᠭᠤᠯᠬᠤ ᠬᠠᠷᠠᠯᠲᠠ ᠲᠡᠶᠢᠰᠢ ᠡᠷᠡᠮᠡᠬᠡᠶᠢᠯᠡᠨ ᠤᠷᠤᠭᠰᠢᠯᠠᠶ᠎ᠠ᠃ | ᠨᠢᠭᠡ ᠳᠤ᠂ ᠬᠠᠷᠢᠯᠴᠠᠨ ᠢᠲᠡᠭᠡᠯᠴᠡᠬᠦ᠂ ᠬᠠᠷᠢᠯᠴᠠᠨ ᠳᠡᠮᠵᠢᠬᠦ ᠪᠦᠯᠬᠦᠮᠳᠡᠯ ᠤᠨ ᠤᠭ ᠰᠠᠨᠠᠭ᠎ᠠ ᠪᠠᠨ ᠪᠠᠲᠤ ᠰᠠᠬᠢᠶ᠎ᠠ᠃ ᠳᠤᠮᠳᠠᠳᠤ ᠤᠯᠤᠰ ᠢᠮᠠᠭᠲᠠ ᠳᠤᠮᠳᠠ | ᠠᠽᠢᠶ᠎ᠠ ᠶᠢ ᠡᠷᠭᠢᠨ ᠲᠣᠭᠤᠷᠢᠨ ᠤ ᠭᠠᠳᠠᠭᠠᠳᠤ ᠬᠠᠷᠢᠯᠴᠠᠭᠠᠨ ᠤ ᠪᠠᠨ ᠤᠷᠢᠳ ᠢᠶᠠᠷ ᠪᠣᠳᠣᠯᠬᠢᠯᠠᠬᠤ ᠴᠢᠭᠯᠡᠯ ᠪᠤᠯᠭᠠᠵᠤ᠂ ᠡᠶᠡᠯᠳᠡᠭ ᠬᠥᠷᠰᠢ ᠠᠮᠤᠷ ᠲᠣᠭᠲᠠᠭᠤᠨ | ᠬᠥᠷᠰᠢ ᠵᠡᠷᠭᠡᠯᠡᠳᠡᠭᠡ ᠪᠠᠨ ᠪᠠᠶᠠᠵᠢᠭᠤᠯᠬᠤ᠂ ᠳᠣᠲᠣᠨᠣ ᠦᠨᠡᠨᠴᠢ ᠠᠰᠢᠭᠲᠠᠢ ᠪᠠᠭᠲᠠᠭᠠᠮᠵᠢᠲᠠᠢ ᠣᠶᠢᠯᠠᠭᠠᠭᠳᠠᠬᠤᠨ ᠴᠢᠭᠯᠡᠯᠲᠡ ᠶᠢ ᠪᠠᠷᠢᠮᠲᠠᠯᠠᠵᠤ᠂ ᠳᠤᠮᠳᠠ | ᠠᠽᠢᠶ᠎ᠠ ᠶᠢᠨ ᠤᠯᠤᠰ ᠤᠳ ᠯᠤᠭ᠎ᠠ ᠡᠷᠬᠡ ᠲᠡᠭᠰᠢ ᠪᠠᠷ ᠶᠠᠪᠤᠯᠴᠠᠵᠤ᠂ ᠦᠨᠡᠨᠴᠢ ᠪᠠᠷ ᠬᠠᠨᠳᠤᠵᠤ᠂ ᠡᠭᠦᠷᠢᠳᠡ ᠳᠣᠲᠣᠨᠣ ᠨᠥᠭᠦᠷᠰᠡᠭ ᠪᠠᠶᠢᠵᠤ᠂ ᠬᠥᠷᠰᠢ | ᠵᠡᠷᠭᠡᠯᠡᠳᠡᠭᠡ ᠪᠠᠷ ᠢᠶᠠᠨ ᠰᠠᠶᠢᠨ ᠰᠠᠶᠢᠬᠠᠨ ᠢᠶᠠᠨ ᠦᠵᠡᠵᠦ᠂ ᠡᠶᠠᠯᠰᠡᠭ ᠳᠣᠲᠣᠨᠣ ᠶᠠᠪᠤᠯᠴᠠᠨ᠎ᠠ᠃ ᠵᠢᠷᠭᠤᠭᠠᠨ ᠤᠯᠤᠰ ᠥᠨᠢ ᠡᠭᠦᠷᠢᠳᠡ ᠶᠢᠨ ᠡᠶᠡᠯᠳᠡᠭ ᠬᠥᠷᠰᠢ ᠶᠢᠨ | ᠨᠥᠭᠦᠷᠰᠡᠭ ᠢᠶᠠᠷ ᠬᠠᠮᠲᠤᠷᠠᠨ ᠠᠵᠢᠯᠯᠠᠬᠤ ᠭᠡᠷ᠎ᠡ ᠳᠤ ᠬᠠᠮᠲᠤ ᠪᠠᠷ ᠭᠠᠷ ᠤᠨ ᠦᠰᠦᠭ ᠵᠢᠷᠤᠵᠤ᠂ ᠦᠶ᠎ᠡ ᠶᠢᠨ ᠦᠶ᠎ᠡ ᠳᠡᠭᠡᠨ ᠨᠥᠭᠦᠷᠰᠡᠭ ᠪᠠᠶᠢᠬᠤ ᠵᠠᠷᠴᠢᠮ ᠢ ᠬᠠᠤᠯᠢ | ᠴᠠᠭᠠᠵᠠ ᠶᠢᠨ ᠭᠡᠯᠪᠡᠷᠢ ᠪᠠᠷ ᠲᠣᠭᠲᠠᠪᠤᠷᠢᠵᠢᠭᠤᠯᠪᠠ᠂ ᠡᠨᠡ ᠪᠣᠯ ᠵᠢᠷᠭᠤᠭᠠᠨ ᠤᠯᠤᠰ ᠤᠨ ᠬᠠᠷᠢᠯᠴᠠᠭᠠᠨ ᠤ ᠲᠡᠦᠬᠡᠨ ᠳᠡᠭᠡᠷᠡᠬᠢ ᠰᠢᠨ᠎ᠡ ᠪᠡᠯᠭᠡ ᠲᠡᠮᠳᠡᠭ ᠮᠥᠨ᠂ ᠪᠠᠰᠠ | ᠴᠤ ᠳᠤᠮᠳᠠᠳᠤ ᠤᠯᠤᠰ ᠤᠨ ᠡᠷᠭᠢᠨ ᠲᠣᠭᠤᠷᠢᠨ ᠤ ᠭᠠᠳᠠᠭᠠᠳᠤ ᠬᠠᠷᠢᠯᠴᠠᠭᠠᠨ ᠤ ᠡᠭᠦᠳᠦᠯᠲᠡ ᠮᠥᠨ᠂ ᠤᠳᠤ ᠦᠶ᠎ᠡ ᠳᠤ ᠭᠠᠪᠢᠶ᠎ᠠ ᠪᠠᠶᠢᠭᠤᠯᠵᠤ᠂ ᠥᠨᠢ ᠤᠳᠠᠭᠠᠨ | ᠠᠰᠢᠭ ᠲᠠᠢ ᠶᠤᠮ᠃ | ᠬᠤᠶᠠᠷ ᠲᠤ᠂ ᠪᠣᠳᠠᠲᠠᠢ ᠶᠢ ᠡᠷᠬᠢᠮᠯᠡᠭᠰᠡᠨ ᠥᠨᠳᠥᠷ ᠪᠦᠲᠦᠮᠵᠢᠲᠡᠢ᠂ ᠭᠦᠨᠵᠡᠭᠡᠢ ᠠᠭᠤᠰᠤᠯᠴᠠᠭᠰᠠᠨ ᠬᠠᠮᠲᠤᠷᠠᠯᠴᠠᠭᠠᠨ ᠤ ᠪᠠᠶᠢᠷᠢᠰᠢᠭᠤᠯᠤᠯᠲᠠ ᠶᠢ | ᠰᠢᠯᠢᠳᠡᠭᠵᠢᠭᠦᠯᠦᠶ᠎ᠡ᠃ ᠪᠢᠳᠡ 2025 ᠠᠴᠠ 2026 ᠣᠨ ᠪᠤᠯᠲᠠᠯᠠᠭᠢ ᠶᠢ ︽ᠲᠤᠮᠳᠠᠳᠤ ᠤᠯᠤᠰ ᠳᠤᠮᠳᠠ ᠠᠽᠢᠶ᠎ᠠ ᠶᠢᠨ ᠬᠠᠮᠲᠤᠷᠠᠯᠴᠠᠭᠠᠨ ᠤ ᠴᠢᠨᠠᠷ ᠰᠠᠶᠢᠲᠠᠢ | ᠬᠥᠭᠵᠢᠯᠲᠡ ᠶᠢᠨ ᠣᠨ︾ ᠪᠤᠯᠭᠠᠬᠤ ᠪᠠᠷ ᠵᠥᠪᠳᠡᠯᠴᠡᠨ ᠲᠣᠭᠲᠠᠪᠠ᠂ ᠠᠷᠠᠯᠵᠢᠶ᠎ᠠ ᠰᠠᠭᠠᠳ ᠦᠭᠡᠢ ᠨᠡᠪᠲᠡᠷᠡᠬᠦ᠂ ᠠᠵᠤ ᠦᠢᠯᠡᠰ ᠤᠨ ᠪᠡᠯᠡ ᠣᠷᠣᠭᠤᠯᠤᠯᠲᠠ᠂ | ᠬᠤᠯᠪᠣᠯᠳᠤᠨ ᠨᠡᠪᠲᠡᠷᠡᠯᠴᠡᠬᠦ᠂ ᠪᠣᠬᠢᠷᠳᠤᠯ ᠦᠭᠡᠢ ᠠᠭᠤᠷᠬᠠᠢ ᠶᠢᠨ ᠭᠠᠷᠤᠯᠲᠠ᠂ ᠬᠥᠳᠡᠭᠡ ᠠᠵᠤ ᠠᠬᠤᠢ ᠶᠢᠨ ᠣᠳᠣᠬᠢᠴᠢᠯᠠᠯᠲᠠ᠂ ᠬᠥᠮᠥᠰ ᠤᠨ ᠶᠠᠪᠤᠯᠴᠠᠭ᠎ᠠ | ᠵᠡᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠩ ᠤᠯᠠᠨ ᠪᠣᠳᠠᠲᠠᠢ ᠲᠦᠷᠦᠯ ᠵᠦᠢᠯ ᠢ ᠬᠡᠷᠡᠭᠵᠢᠭᠦᠯᠵᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ | ᠪᠤᠶᠢᠵᠢᠭᠤᠯᠤᠨ᠎ᠠ᠃ ᠳᠤᠮᠳᠠᠳᠤ ᠤᠯᠤᠰ ᠳᠤᠮᠳᠠ ᠠᠽᠢᠶ᠎ᠠ ᠶᠢᠨ ᠬᠠᠮᠲᠤᠷᠠᠯᠴᠠᠭᠠᠨ ᠤ ᠪᠣᠷᠣ ᠲᠥᠯᠥᠪ ᠤᠨ ᠳᠣᠲᠣᠷ᠎ᠠ ᠶᠠᠳᠠᠭᠤ ᠬᠦᠴᠢᠷᠳᠡᠯᠲᠡᠢ ᠬᠥᠮᠥᠨ ᠠᠮᠠ ᠶᠢ | ᠴᠥᠭᠡᠳᠬᠡᠬᠦ᠂ ᠰᠤᠷᠭᠠᠨ ᠬᠥᠮᠦᠵᠢᠯ ᠤᠨ ᠰᠣᠯᠢᠯᠴᠠᠭ᠎ᠠ᠂ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠭᠤᠷᠪᠠᠨ ᠶᠡᠭᠡ ᠬᠠᠮᠲᠤᠷᠠᠯᠴᠠᠭᠠᠨ ᠤ ᠲᠥᠪ ᠪᠣᠯᠣᠨ ᠠᠷᠠᠯᠵᠢᠶ᠎ᠠ ᠶᠢ | ᠰᠠᠭᠠᠳ ᠦᠭᠡᠢ ᠨᠡᠪᠲᠡᠷᠡᠭᠦᠯᠬᠦ ᠬᠠᠮᠲᠤᠷᠠᠯᠴᠠᠭᠠᠨ ᠤ ᠲᠠᠪᠴᠠᠩ ᠢ ᠪᠠᠶᠢᠭᠤᠯᠬᠤ ᠪᠠᠷ ᠲᠣᠭᠲᠠᠵᠤ᠂ ᠳᠤᠮᠳᠠ ᠠᠽᠢᠶ᠎ᠠ ᠶᠢᠨ ᠤᠯᠤᠰ ᠤᠳ ᠤᠨ ᠠᠷᠠᠳ ᠤᠨ ᠠᠮᠢᠳᠤᠷᠠᠯ | ᠪᠠ ᠬᠥᠭᠵᠢᠯᠲᠡ ᠶᠢᠨ ᠲᠦᠷᠦᠯ ᠵᠦᠢᠯ ᠢ ᠬᠡᠷᠡᠭᠵᠢᠭᠦᠯᠬᠦ ᠶᠢ ᠲᠠᠮᠵᠢᠵᠤ᠂ ᠢᠷᠡᠬᠦ ᠬᠤᠶᠠᠷ ᠵᠢᠯ ᠳᠤ ᠳᠤᠮᠳᠠ ᠠᠽᠢᠶ᠎ᠠ ᠶᠢᠨ ᠤᠯᠤᠰ ᠤᠳ ᠲᠤ 3000 | ᠪᠣᠯᠪᠠᠰᠤᠷᠠᠯ ᠤᠨ ᠣᠷᠣᠨ ᠲᠤᠭ᠎ᠠ ᠬᠠᠩᠭᠠᠨ᠎ᠠ᠃ | ᠭᠤᠷᠪᠠ ᠳᠤ᠂ ᠡᠩᠬᠡ ᠲᠠᠶᠢᠪᠤᠩ ᠠᠮᠤᠷ ᠲᠣᠭᠲᠠᠭᠤᠨ᠂ ᠵᠢᠷᠭᠠᠯ ᠵᠣᠪᠠᠯᠠᠩ ᠢᠶᠠᠨ ᠬᠠᠮᠲᠤᠳᠬᠠᠭᠰᠠᠨ ᠠᠮᠤᠷ ᠲᠦᠪᠰᠢᠨ ᠤ ᠪᠠᠶᠢᠷᠢᠰᠢᠯ ᠢ ᠪᠤᠢ ᠪᠣᠯᠭᠠᠶ᠎ᠠ᠃ | ᠪᠢᠳᠡ ᠭᠠᠵᠠᠷ ᠣᠷᠣᠨ ᠤ ᠠᠮᠤᠷ ᠲᠦᠪᠰᠢᠨ ᠤ ᠵᠠᠰᠠᠯᠲᠠ ᠶᠢ ᠴᠢᠩᠭᠠᠳᠬᠠᠵᠤ᠂ ᠬᠠᠤᠯᠢ ᠬᠡᠷᠡᠭᠵᠢᠭᠦᠯᠬᠦ ᠠᠮᠤᠷ ᠲᠦᠪᠰᠢᠨ ᠤ ᠬᠠᠮᠲᠤᠷᠠᠯᠴᠠᠭ᠎ᠠ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠬᠡᠲᠦᠷᠡᠮᠡᠬᠡᠢ ᠦᠵᠡᠯ ᠰᠠᠨᠠᠭ᠎ᠠ ᠶᠢ ᠭᠠᠷ ᠬᠤᠯᠪᠣᠯᠴᠠᠨ ᠰᠡᠷᠭᠡᠶᠢᠯᠡᠨ ᠡᠰᠡᠷᠭᠦᠴᠡᠵᠦ᠂ ︽ᠭᠤᠷᠪᠠᠨ ᠵᠦᠢᠯ ᠤᠨ ᠬᠦᠴᠦᠨ︾ ᠳᠤ ᠡᠷᠡᠰ | ᠴᠣᠬᠢᠯᠲᠠ ᠥᠭᠴᠦ᠂ ᠭᠠᠵᠠᠷ ᠣᠷᠣᠨ ᠤ ᠡᠩᠬᠡ ᠲᠠᠶᠢᠪᠤᠩ ᠲᠣᠭᠲᠠᠭᠤᠨ ᠢ ᠬᠠᠮᠲᠤ ᠪᠠᠷ ᠬᠠᠮᠠᠭᠠᠯᠠᠶ᠎ᠠ᠃ ᠳᠤᠮᠳᠠᠳᠤ ᠤᠯᠤᠰ ᠠᠴᠠ ᠳᠤᠮᠳᠠ ᠠᠽᠢᠶ᠎ᠠ ᠶᠢᠨ | ᠤᠯᠤᠰ ᠤᠳ ᠤᠨ ᠰᠦᠷᠳᠡᠭᠦᠯᠬᠦ ᠦᠵᠡᠯ ᠪᠠ ᠤᠯᠤᠰ ᠠᠯᠤᠰᠯᠠᠭᠰᠠᠨ ᠵᠣᠬᠢᠶᠠᠨ ᠪᠠᠶᠢᠭᠤᠯᠤᠯᠲᠠ ᠲᠠᠢ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ᠂ ᠲᠣᠣᠷ | ᠰᠦᠯᠵᠢᠶ᠎ᠡ ᠪᠠ ᠠᠮᠢᠳᠤ ᠪᠣᠳᠠᠰ ᠤᠨ ᠠᠮᠤᠷ ᠲᠦᠪᠰᠢᠨ ᠢ ᠬᠠᠮᠠᠭᠠᠯᠠᠬᠤ ᠳᠤ ᠴᠢᠳᠠᠯ ᠤᠨ ᠬᠢᠷᠢ ᠪᠠᠷ ᠢᠶᠠᠨ ᠬᠠᠪᠰᠤᠷᠤᠯᠭ᠎ᠠ ᠦᠵᠡᠭᠦᠯᠦᠨ᠎ᠡ᠃ | ᠳᠥᠷᠪᠡ ᠳᠤ᠂ ᠨᠢᠭᠡ ᠰᠡᠳᠬᠢᠯ ᠨᠢᠭᠡ ᠵᠣᠷᠢᠭ᠂ ᠬᠠᠷᠢᠯᠴᠠᠨ ᠣᠶᠢᠯᠠᠭᠠᠯᠴᠠᠵᠤ ᠬᠠᠷᠢᠯᠴᠠᠨ ᠳᠣᠲᠣᠨᠣ ᠪᠤᠯᠬᠤ ᠰᠣᠶᠣᠯ ᠢᠷᠭᠡᠨᠰᠢᠯ ᠤᠨ ᠬᠤᠯᠪᠣᠭᠠᠰᠤ ᠶᠢ | ᠴᠢᠩᠭᠠᠷᠠᠭᠤᠯᠤᠶ᠎ᠠ᠃ ᠳᠤᠮᠳᠠᠳᠤ ᠤᠯᠤᠰ ᠠᠴᠠ ᠳᠤᠮᠳᠠ ᠠᠽᠢᠶ᠎ᠠ ᠶᠢᠨ ᠤᠯᠤᠰ ᠤᠳ ᠤᠨ ᠬᠠᠤᠯᠢ ᠲᠣᠭᠲᠠᠭᠠᠬᠤ ᠪᠠᠶᠢᠭᠤᠯᠤᠮᠵᠢ᠂ ᠲᠦᠷᠦ ᠶᠢᠨ ᠨᠠᠮ᠂ ᠡᠮᠡᠭᠲᠡᠶᠢᠴᠦᠳ | ᠂ ᠵᠠᠯᠠᠭᠤᠴᠤᠳ᠂ ᠵᠠᠭᠤᠴᠢᠯᠠᠭᠤᠷ᠂ ᠤᠶᠤᠨ ᠤ ᠬᠥᠮᠥᠷᠭᠡ ᠵᠡᠷᠭᠡ ᠯᠦᠭᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠲᠦᠷᠦ ᠶᠢ ᠵᠠᠰᠠᠵᠤ ᠵᠠᠰᠠᠭ ᠢ ᠡᠷᠭᠢᠯᠡᠭᠦ | ᠲᠤᠷᠰᠢᠯᠭ᠎ᠠ ᠶᠢᠨ ᠰᠣᠯᠢᠯᠴᠠᠭ᠎ᠠ ᠶᠢ ᠭᠦᠨᠵᠡᠭᠡᠢ ᠥᠷᠨᠢᠭᠦᠯᠦᠨ᠎ᠡ᠃ ᠳᠤᠷᠠᠲᠠᠶ᠎ᠠ ᠳᠤᠮᠳᠠ ᠠᠽᠢᠶ᠎ᠠ ᠳᠤ ᠨᠡᠩ ᠤᠯᠠᠨ ᠰᠣᠶᠣᠯ ᠤᠨ ᠲᠥᠪ᠂ ᠶᠡᠭᠡ ᠳᠡᠭᠡᠳᠦ | ᠰᠤᠷᠭᠠᠭᠤᠯᠢ ᠶᠢᠨ ᠬᠤᠪᠢᠶᠠᠷᠢ ᠰᠤᠷᠭᠠᠭᠤᠯᠢ᠂ ᠯᠦ ᠪᠠᠨ ᠦᠢᠯᠡᠳᠬᠡᠯ ᠤᠨ ᠭᠠᠵᠠᠷ ᠢ ᠪᠠᠶᠢᠭᠤᠯᠵᠤ᠂ ᠳᠤᠮᠳᠠ ᠠᠽᠢᠶ᠎ᠠ ᠶᠢᠨ ᠡᠯ᠎ᠡ ᠤᠯᠤᠰ ᠲᠤ ᠨᠡᠩ ᠤᠯᠠᠨ ᠥᠨᠳᠥᠷ | ᠬᠡᠪ ᠪᠣᠯᠪᠠᠰᠤᠷᠠᠯ ᠲᠠᠢ ᠴᠢᠳᠠᠪᠤᠷᠢᠲᠠᠨ ᠢ ᠬᠥᠮᠥᠵᠢᠭᠦᠯᠵᠦ ᠥᠭᠭᠦᠨ᠎ᠡ᠃ ᠣᠷᠣᠨ ᠨᠤᠲᠤᠭ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠶᠢ ᠳᠡᠮᠵᠢᠵᠦ᠂ ᠲᠥᠪ ᠠᠴᠠ | ᠣᠷᠣᠨ ᠨᠤᠲᠤᠭ ᠭᠦᠷᠲᠡᠯ᠎ᠡ᠂ ᠠᠯᠪᠠᠨ ᠤ ᠲᠠᠯ᠎ᠠ ᠠᠴᠠ ᠠᠷᠠᠳ ᠤᠨ ᠳᠤᠮᠳᠠ ᠭᠦᠷᠲᠡᠯ᠎ᠡ᠂ ᠬᠥᠷᠰᠢ ᠵᠡᠷᠭᠡᠯᠡᠳᠡᠭᠡ ᠭᠠᠵᠠᠷ ᠣᠷᠣᠨ ᠠᠴᠠ ᠨᠡᠩ ᠥᠷᠭᠡᠨ ᠣᠷᠣᠨ | ᠪᠦᠰᠡ ᠭᠦᠷᠲᠡᠯ᠎ᠡ ︽ᠰᠡᠳᠬᠢᠯ ᠢᠶᠠᠨ ᠬᠤᠯᠪᠣᠬᠤ︾ ᠪᠠᠶᠢᠷᠢᠰᠢᠯ ᠢ ᠬᠠᠮᠲᠤ ᠪᠠᠷ ᠪᠠᠶᠢᠭᠤᠯᠤᠨ᠎ᠠ᠃ | ᠲᠠᠪᠤ ᠳᠤ᠂ ᠲᠥᠪ ᠭᠤᠣᠯᠴᠢ ᠵᠦᠢ ᠵᠣᠬᠢᠰᠲᠠᠢ᠂ ᠡᠷᠬᠡ ᠲᠡᠭᠰᠢ ᠡᠮᠬᠢ ᠵᠢᠷᠤᠮ ᠲᠠᠢ ᠤᠯᠠᠨ ᠤᠯᠤᠰ ᠤᠨ ᠡᠮᠬᠢ ᠳᠢᠭᠯᠢᠮ ᠢ ᠬᠠᠮᠠᠭᠠᠯᠠᠶ᠎ᠠ᠃ ᠪᠢᠳᠠ ᠭᠠᠷ | ᠬᠤᠯᠪᠣᠯᠴᠠᠨ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠵᠤ᠂ ᠡᠵᠡᠷᠬᠡᠬᠦ ᠦᠵᠡᠯ ᠪᠣᠯᠣᠨ ᠬᠦᠴᠦᠷᠬᠡᠭᠯᠡᠯ ᠤᠨ ᠤᠯᠤᠰ ᠲᠦᠷᠦ ᠶᠢ ᠡᠰᠡᠷᠭᠦᠴᠡᠵᠦ | ᠂ ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠤᠯᠠᠨ ᠲᠦᠢᠯᠵᠢᠯ᠂ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ | ᠢᠳᠡᠪᠬᠢᠲᠡᠢ ᠠᠬᠢᠭᠤᠯᠤᠨ᠎ᠠ᠃ ᠡᠨᠡ ᠵᠢᠯ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠳᠠᠶᠢᠨ ᠵᠢᠴᠢ ᠳᠡᠯᠡᠬᠡᠢ ᠶᠢᠨ ᠹᠠᠱᠢᠰ ᠢ ᠡᠰᠡᠷᠭᠦᠴᠡᠬᠦ | ᠳᠠᠶᠢᠨ ᠢᠯᠠᠯᠲᠠ ᠣᠯᠣᠭᠰᠠᠨ 80 ᠵᠢᠯ ᠤᠨ ᠣᠶ ᠪᠠ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠶᠢᠭᠤᠯᠤᠭᠳᠠᠭᠰᠠᠨ 80 ᠵᠢᠯ ᠤᠨ ᠣᠶ ᠪᠣᠯᠣᠨ᠎ᠠ᠃ ᠪᠡᠷᠬᠡ | ᠬᠠᠲᠠᠭᠤᠵᠢᠯᠲᠠᠢ ᠲᠠᠶᠢᠨ ᠤ ᠣᠨ ᠵᠢᠯ ᠤᠳ ᠲᠤ᠂ ᠳᠤᠮᠳᠠᠳᠤ ᠤᠯᠤᠰ ᠪᠣᠯᠣᠨ ᠳᠤᠮᠳᠠ ᠠᠽᠢᠶ᠎ᠠ ᠶᠢᠨ ᠭᠠᠵᠠᠷ ᠣᠷᠣᠨ ᠤ ᠠᠷᠠᠳ ᠲᠦᠮᠡᠨ ᠬᠠᠷᠢᠯᠴᠠᠨ ᠳᠡᠮᠵᠢᠯᠴᠡᠵᠦ᠂ | ᠪᠠᠶᠠᠷ ᠵᠣᠪᠠᠯᠠᠩ ᠢᠶᠠᠨ ᠬᠠᠮᠲᠤᠳᠬᠠᠨ᠂ ᠬᠥᠮᠥᠨ ᠲᠥᠷᠥᠯᠬᠢᠲᠡᠨ ᠤ ᠰᠢᠳᠤᠷᠭᠤ ᠶᠣᠰᠣᠨ ᠤ ᠦᠢᠯᠡᠰ ᠲᠤ ᠬᠠᠮᠲᠤ ᠪᠠᠷ ᠴᠢᠬᠤᠯᠠ ᠬᠤᠪᠢ ᠨᠡᠮᠡᠷᠢ ᠦᠵᠡᠭᠦᠯᠦᠭᠰᠡᠨ | ᠶᠤᠮ᠃ ᠵᠥᠪ ᠲᠡᠦᠬᠡ ᠶᠢᠨ ᠦᠵᠡᠯᠲᠡ ᠶᠢ ᠪᠠᠳᠠᠷᠠᠭᠤᠯᠤᠨ᠂ ᠳᠡᠯᠡᠬᠡᠢ ᠶᠢᠨ ᠬᠤᠶᠠᠳᠤᠭᠠᠷ ᠲᠠᠶᠢᠨ ᠤ ᠢᠯᠠᠯᠲᠠ ᠶᠢᠨ ᠦᠷ᠎ᠡ ᠪᠦᠲᠦᠭᠡᠯ ᠢ ᠬᠠᠮᠠᠭᠠᠯᠠᠵᠤ᠂ ᠤᠯᠠᠨ | ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ ᠢ ᠬᠠᠮᠠᠭᠠᠯᠠᠨ᠂ ᠳᠡᠯᠡᠬᠡᠢ ᠶᠢᠨ ᠡᠩᠬᠡ ᠲᠠᠶᠢᠪᠤᠩ ᠪᠠ | ᠬᠥᠭᠵᠢᠯᠲᠡ ᠳᠤ ᠨᠡᠩ ᠤᠯᠠᠨ ᠲᠣᠭᠲᠠᠭᠤᠨ ᠴᠢᠨᠠᠷ ᠪᠠ ᠲᠣᠬᠲᠠᠭᠠᠯᠲᠤ ᠴᠢᠨᠠᠷ ᠢ ᠨᠡᠮᠡᠷᠢᠯᠡᠶ᠎ᠡ ᠭᠡᠵᠦ ᠵᠢᠭᠠᠵᠤ ᠭᠠᠷᠭᠠᠵᠠᠢ᠃ | ᠰᠢ ᠶᠢᠨ ᠫᠢᠩ ᠬᠠᠮᠤᠭ ᠤᠨ ᠰᠡᠭᠦᠯ ᠳᠤ᠂ ᠳᠤᠮᠳᠠᠳᠤ ᠤᠯᠤᠰ ᠶᠠᠭ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ | ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠵᠤ ᠪᠠᠶᠢᠨ᠎ᠠ᠂ ᠳᠡᠯᠡᠬᠡᠢ ᠶᠢᠨ ᠪᠠᠶᠢᠳᠠᠯ ᠳᠤ | ᠶᠠᠮᠠᠷ ᠬᠤᠪᠢᠷᠠᠯᠲᠠ ᠭᠠᠷᠤᠭᠰᠠᠨ ᠴᠤ᠂ ᠳᠤᠮᠳᠠᠳᠤ ᠤᠯᠤᠰ ᠢᠮᠠᠭᠲᠠ ᠭᠠᠳᠠᠭᠠᠳᠤ ᠨᠡᠭᠡᠭᠡᠯᠲᠡ ᠬᠢᠬᠦ ᠶᠢ ᠭᠤᠶᠢᠪᠢᠰᠢ ᠦᠭᠡᠢ ᠪᠠᠷᠢᠮᠲᠠᠯᠠᠨ᠎ᠠ᠃ ᠲᠤᠮᠳᠠᠳᠤ ᠤᠯᠤᠰ | ᠳᠤᠷᠠᠲᠠᠶ᠎ᠠ ᠳᠤᠮᠳᠠ ᠠᠽᠢᠶ᠎ᠠ ᠶᠢᠨ ᠤᠯᠤᠰ ᠤᠳ ᠯᠤᠭ᠎ᠠ ᠬᠠᠮᠲᠤ ᠪᠠᠷ ᠴᠢᠷᠮᠠᠶᠢᠵᠤ᠂ ᠨᠡᠩ ᠴᠢᠨᠠᠷ ᠰᠠᠶᠢᠲᠠᠢ ᠬᠠᠮᠲᠤᠷᠠᠯᠴᠠᠭ᠎ᠠ ᠥᠷᠨᠢᠭᠦᠯᠵᠦ᠂ ᠠᠰᠢᠭ ᠲᠤᠰᠠ ᠶᠢᠨ | ᠠᠭᠤᠰᠤᠯᠴᠠᠯ ᠢ ᠭᠦᠨᠵᠡᠭᠡᠶᠢᠷᠡᠭᠦᠯᠵᠦ᠂ ᠬᠠᠮᠲᠤ ᠶᠢᠨ ᠬᠥᠭᠵᠢᠯᠲᠡ ᠶᠢ ᠪᠡᠶᠡᠯᠡᠭᠦᠯᠵᠦ᠂ ᠳᠤᠮᠳᠠᠳᠤ ᠤᠯᠤᠰ ᠳᠤᠮᠳᠠ ᠠᠽᠢᠶ᠎ᠠ ᠶᠢᠨ ᠬᠠᠮᠲᠤᠷᠠᠯᠴᠠᠭ᠎ᠠ ᠲᠠᠰᠤᠷᠠᠯᠲᠠ | ᠦᠭᠡᠢ ᠰᠢᠨ᠎ᠡ ᠠᠮᠵᠢᠯᠲᠠ ᠣᠯᠬᠤ ᠶᠢ ᠠᠬᠢᠭᠤᠯᠤᠨ᠎ᠠ︕ ᠭᠡᠵᠦ ᠵᠢᠭᠠᠵᠤ ᠭᠠᠷᠭᠠᠪᠠ᠃ | ᠺᠠᠽᠠᠬᠰᠲ᠋ᠠᠨ ᠤ ᠶᠡᠷᠦᠩᠬᠡᠶᠢᠯᠡᠭᠴᠢ ᠲᠦᠸᠧᠺᠠᠶᠧᠹ ᠵᠡᠷᠭᠡ ᠳᠤᠮᠳᠠ ᠠᠽᠢᠶ᠎ᠠ ᠶᠢᠨ ᠲᠠᠪᠤᠨ ᠤᠯᠤᠰ ᠤᠨ ᠤᠳᠤᠷᠢᠳᠬᠤ ᠬᠥᠮᠥᠰ᠂ ᠲᠡᠷᠢᠭᠦᠯᠡᠭᠴᠢ ᠰᠢ ᠶᠢᠨ | ᠫᠢᠩ ᠤᠨ ᠭᠠᠷᠮᠠᠭᠠᠢ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠬᠥᠭᠵᠢᠯᠲᠡ ᠶᠢᠨ ᠠᠮᠵᠢᠯᠲᠠ ᠪᠦᠲᠦᠮᠵᠢ ᠣᠯᠪᠠ᠂ | ᠳᠤᠮᠳᠠᠳᠤ ᠤᠯᠤᠰ ᠳᠤᠮᠳᠠ ᠠᠽᠢᠶ᠎ᠠ ᠶᠢᠨ ᠤᠯᠤᠰ ᠤᠳ ᠲᠠᠢ ᠪᠦᠭᠦ ᠲᠠᠯ᠎ᠠ ᠶᠢᠨ ᠬᠠᠮᠲᠤᠷᠠᠯᠴᠠᠭ᠎ᠠ ᠥᠷᠨᠢᠭᠦᠯᠵᠦ᠂ ᠡᠯ᠎ᠡ ᠤᠯᠤᠰ ᠲᠤ ᠬᠤᠪᠣᠷ ᠨᠠᠨᠳᠢᠨ | ᠬᠥᠭᠵᠢᠯᠲᠡ ᠶᠢᠨ ᠠᠵᠠ ᠲᠣᠭᠢᠶᠠᠯ ᠠᠪᠴᠢᠷᠠᠭᠰᠠᠨ ᠳᠤ ᠲᠠᠯᠠᠷᠬᠠᠵᠤ ᠪᠠᠶᠢᠨ᠎ᠠ᠃ ᠳᠤᠮᠳᠠᠳᠤ ᠤᠯᠤᠰ — ᠳᠤᠮᠳᠠ ᠠᠽᠢᠶ᠎ᠠ ᠶᠢᠨ ᠲᠣᠭᠲᠠᠴᠠ ᠨᠢᠭᠡᠨᠲᠡ ᠬᠤᠶᠠᠷ | ᠲᠠᠯ᠎ᠠ ᠶᠢᠨ ᠶᠠᠷᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠬᠤ᠂ ᠳᠤᠮᠳᠠ ᠠᠽᠢᠶ᠎ᠠ ᠶᠢᠨ ᠡᠯ᠎ᠡ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ | ᠴᠢᠬᠤᠯᠠ ᠲᠠᠪᠴᠠᠩ ᠪᠣᠯᠤᠭᠰᠠᠨ ᠪᠠᠶᠢᠨ᠎ᠠ᠃ ᠲᠣᠬᠲᠠᠭᠠᠯᠲᠦ ᠪᠤᠰᠤ ᠵᠦᠢᠯ ᠢᠶᠠᠷ ᠲᠦᠭᠦᠷᠡᠭᠰᠡᠨ ᠳᠡᠯᠡᠬᠡᠢ ᠶᠢᠷᠲᠢᠨᠴᠦ ᠳᠤ᠂ ᠳᠤᠮᠳᠠᠳᠤ ᠤᠯᠤᠰ — ᠳᠤᠮᠳᠠ | ᠠᠽᠢᠶ᠎ᠠ ᠶᠢᠨ ᠲᠣᠭᠲᠠᠴᠠ ᠶᠢᠨ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠨᠡᠩ ᠲᠣᠪᠤᠶᠢᠮ᠎ᠠ ᠪᠣᠯᠵᠤ᠂ ᠳᠤᠮᠳᠠᠳᠤ ᠤᠯᠤᠰ ᠤᠨ ᠴᠡᠴᠡᠭᠯᠡᠯ ᠬᠥᠭᠵᠢᠯ | ᠬᠦᠴᠦᠷᠬᠡᠭ ᠶᠡᠭᠡ ᠨᠢ ᠶᠠᠭ ᠡᠷᠭᠢᠨ ᠲᠣᠭᠤᠷᠢᠨ ᠤ ᠤᠯᠤᠰ ᠤᠳ ᠲᠤ ᠠᠰᠢᠭ ᠬᠦᠷᠲᠡᠭᠡᠵᠦ ᠪᠠᠶᠢᠨ᠎ᠠ᠃ ᠳᠤᠮᠳᠠᠳᠤ ᠤᠯᠤᠰ ᠪᠣᠯ ᠳᠤᠮᠳᠠ ᠠᠽᠢᠶ᠎ᠠ ᠶᠢᠨ ᠡᠯ᠎ᠡ | ᠤᠯᠤᠰ ᠤᠨ ᠥᠨᠢ ᠡᠭᠦᠷᠢᠳᠡ ᠢᠲᠡᠭᠡᠵᠦ ᠪᠤᠯᠬᠤ ᠪᠠᠶᠢᠯᠳᠤᠬᠤ ᠪᠣᠳᠣᠯᠭ᠎ᠠ ᠶᠢᠨ ᠬᠠᠨᠢᠲᠠᠨ ᠪᠠ ᠵᠢᠩᠬᠢᠨᠢ ᠨᠠᠶᠢᠵᠠ ᠮᠥᠨ᠃ ᠳᠤᠮᠳᠠ ᠠᠽᠢᠶ᠎ᠠ ᠶᠢᠨ ᠡᠯ᠎ᠡ ᠤᠯᠤᠰ | ᠳᠤᠮᠳᠠᠳᠤ ᠤᠯᠤᠰ ᠯᠤᠭ᠎ᠠ ᠶᠢᠨ ᠬᠠᠷᠢᠯᠴᠠᠨ ᠬᠦᠨᠳᠦᠳᠬᠡᠬᠦ᠂ ᠡᠷᠬᠡ ᠲᠡᠭᠰᠢ ᠬᠠᠷᠢᠯᠴᠠᠨ ᠠᠰᠢᠭᠲᠠᠢ ᠬᠠᠮᠲᠤᠷᠠᠯᠴᠠᠭᠠᠨ ᠤ ᠵᠠᠭᠪᠤᠷ ᠢ ᠳᠡᠭᠡᠳᠦ ᠬᠡᠮᠵᠢᠶ᠎ᠡ ᠪᠠᠷ | ᠨᠠᠨᠳᠢᠩᠨᠠᠵᠤ᠂ ᠳᠤᠮᠳᠠᠳᠤ ᠤᠯᠤᠰ ᠯᠤᠭ᠎ᠠ ᠪᠦᠭᠦ ᠲᠠᠯ᠎ᠠ ᠶᠢᠨ ᠬᠠᠮᠲᠤᠷᠠᠯᠴᠠᠭ᠎ᠠ ᠪᠠᠨ ᠨᠢᠭᠲᠠᠷᠠᠭᠤᠯᠵᠤ᠂ ᠠᠷᠠᠯᠵᠢᠶ᠎ᠠ᠂ ᠪᠡᠯᠡ ᠣᠷᠣᠭᠤᠯᠤᠯᠲᠠ ᠶᠢᠨ ᠬᠡᠪᠴᠢᠶ᠎ᠡ ᠪᠠᠨ | ᠥᠷᠭᠡᠳᠬᠡᠵᠦ᠂ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠵᠤ᠂ ᠠᠵᠤ ᠦᠢᠯᠡᠳᠪᠦᠷᠢ᠂ ᠬᠥᠳᠡᠭᠡ ᠠᠵᠤ ᠠᠬᠤᠢ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠠᠭᠤᠷᠢ ᠲᠥᠬᠦᠭᠡᠷᠦᠮᠵᠢ᠂ ᠰᠢᠨ᠎ᠡ ᠡᠨᠧᠷᠭᠢ᠂ ᠬᠤᠯᠪᠣᠯᠳᠤᠨ ᠨᠡᠪᠲᠡᠷᠡᠯᠴᠡᠬᠦ ᠵᠡᠷᠭᠡ ᠬᠦᠷᠢᠶᠡᠨ ᠳᠠᠬᠢ | ᠬᠠᠮᠲᠤᠷᠠᠯᠴᠠᠭ᠎ᠠ ᠪᠠᠨ ᠠᠬᠢᠭᠤᠯᠵᠤ᠂ ᠣᠷᠣᠨ ᠪᠦᠰᠡ ᠶᠢᠨ ᠠᠮᠤᠷ ᠲᠦᠪᠰᠢᠨ ᠤ ᠬᠠᠮᠵᠢᠯᠴᠠᠭ᠎ᠠ ᠪᠠᠨ ᠴᠢᠩᠭᠠᠳᠬᠠᠵᠤ᠂ ᠰᠣᠶᠣᠯ᠂ ᠰᠤᠷᠭᠠᠨ ᠬᠥᠮᠦᠵᠢᠯ᠂ | ᠵᠢᠭᠤᠯᠴᠢᠯᠠᠯ ᠵᠡᠷᠭᠡ ᠬᠦᠷᠢᠶᠡᠨ ᠳᠠᠬᠢ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠠᠬᠢᠭᠤᠯᠵᠤ᠂ ᠳᠤᠮᠳᠠᠳᠤ ᠤᠯᠤᠰ — ᠳᠤᠮᠳᠠ ᠠᠽᠢᠶ᠎ᠠ ᠶᠢᠨ ᠲᠣᠭᠲᠠᠴᠠ ᠶᠢ | ᠣᠷᠣᠨ ᠪᠦᠰᠡ ᠶᠢᠨ ᠬᠠᠮᠲᠤᠷᠠᠯᠴᠠᠭᠠᠨ ᠤ ᠦᠯᠢᠭᠡᠷ ᠳᠠᠭᠤᠷᠢᠶᠠᠯ ᠪᠣᠯᠭᠠᠨ ᠴᠣᠭᠴᠠᠯᠠᠵᠤ᠂ ᠬᠥᠭᠵᠢᠯ ᠴᠡᠴᠡᠭᠯᠡᠯ ᠢ ᠬᠠᠮᠲᠤ ᠪᠠᠷ ᠡᠳ᠋ᠯᠡᠵᠦ᠂ ᠡᠩᠬᠡ ᠲᠠᠶᠢᠪᠤᠩ | ᠲᠣᠭᠲᠠᠭᠤᠨ ᠢ ᠬᠠᠮᠲᠤ ᠪᠠᠷ ᠠᠬᠢᠭᠤᠯᠵᠤ᠂ ᠨᠡᠩ ᠨᠢᠭᠲᠠ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠬᠦᠰᠡᠵᠦ ᠪᠠᠶᠢᠨ᠎ᠠ᠃ ᠡᠯ᠎ᠡ | ᠲᠠᠯ᠎ᠠ ᠶᠢᠨ ᠬᠢᠨ ᠳᠤᠮᠳᠠᠳᠤ ᠤᠯᠤᠰ ᠤᠨ ᠳᠡᠯᠡᠬᠡᠢ ᠶᠢᠨ ᠪᠠ ᠭᠠᠵᠠᠷ ᠣᠷᠣᠨ ᠤ ᠬᠡᠷᠡᠭ ᠶᠠᠪᠤᠳᠠᠯ ᠳᠤᠮᠳᠠ ᠪᠦᠲᠦᠭᠡᠯᠴᠢ ᠴᠢᠨᠠᠷᠲᠠᠢ ᠦᠢᠯᠡᠳᠦᠯ ᠦᠵᠡᠭᠦᠯᠦᠭᠰᠡᠨ ᠢ | ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ᠂ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢᠨ ᠣᠶᠢᠯᠠᠭᠠᠭᠳᠠᠬᠤᠨ ᠪᠣᠯᠣᠨ ᠪᠦᠭᠦ ᠪᠥᠮᠪᠥᠷᠴᠡᠭ ᠤᠨ ᠭᠤᠷᠪᠠᠨ ᠶᠡᠭᠡ ᠰᠠᠨᠠᠭᠠᠴᠢᠯᠠᠭ᠎ᠠ ᠶᠢ ᠢᠳᠡᠪᠬᠢᠲᠡᠢ ᠳᠡᠮᠵᠢᠵᠦ᠂ ᠳᠤᠷᠠᠲᠠᠶ᠎ᠠ ᠳᠤᠮᠳᠠᠳᠤ | ᠤᠯᠤᠰ ᠯᠤᠭ᠎ᠠ ᠨᠢᠭᠲᠠ ᠵᠣᠬᠢᠴᠠᠭᠤᠯᠤᠨ ᠬᠠᠮᠵᠢᠯᠴᠠᠵᠤ᠂ ᠴᠢᠯᠦᠭᠡᠲᠦ ᠠᠷᠠᠯᠵᠢᠶ᠎ᠠ ᠪᠣᠯᠣᠨ ᠤᠯᠠᠨ ᠲᠠᠯᠠᠲᠤ ᠠᠷᠠᠯᠵᠢᠶᠠᠨ ᠤ ᠰᠢᠰᠲ᠋ᠧᠮ ᠢ ᠡᠷᠡᠰ ᠬᠠᠮᠠᠭᠠᠯᠠᠵᠤ᠂ | ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠲᠤ ᠪᠠᠷ ᠬᠠᠮᠠᠭᠠᠯᠠᠨ᠎ᠠ ᠭᠡᠵᠦ ᠰᠠᠨᠠᠯ ᠨᠢᠭᠡᠲᠡᠢ ᠢᠯᠡᠳᠬᠡᠪᠡ᠃ | ᠲᠦᠷᠦᠭᠦᠴᠦᠳ ᠤᠨ ᠬᠤᠷᠠᠯ ᠤᠨ ᠬᠤᠭᠤᠴᠠᠭᠠᠨ ᠳᠤ᠂ ᠰᠢ ᠶᠢᠨ ᠫᠢᠩ ᠳᠤᠮᠳᠠ ᠠᠽᠢᠶ᠎ᠠ ᠶᠢᠨ ᠲᠠᠪᠤᠨ ᠤᠯᠤᠰ ᠤᠨ ᠲᠡᠷᠢᠭᠦᠨ ᠲᠠᠢ ︽ᠬᠤᠶᠠᠳᠤᠭᠠᠷ | ᠬᠤᠭᠤᠴᠠᠭᠠᠨ ᠤ ᠳᠤᠮᠳᠠᠳᠤ ᠤᠯᠤᠰ — ᠳᠤᠮᠳᠠ ᠠᠽᠢᠶ᠎ᠠ ᠶᠢᠨ ᠲᠦᠷᠦᠭᠦᠴᠦᠳ ᠤᠨ ᠬᠤᠷᠠᠯ ᠤᠨ ᠠᠰᠲ᠋ᠠᠨᠠ ᠶᠢᠨ ᠲᠤᠩᠬᠠᠭ︾᠂ ︽ᠪᠦᠭᠦᠳᠠ ᠨᠠᠶᠢᠷᠠᠮᠳᠠᠬᠤ | ᠳᠤᠮᠳᠠᠳᠤ ᠠᠷᠠᠳ ᠤᠯᠤᠰ ᠪᠣᠯᠣᠨ ᠪᠦᠭᠦᠳᠠ ᠨᠠᠶᠢᠷᠠᠮᠳᠠᠬᠤ ᠺᠠᠽᠠᠬᠰᠲ᠋ᠠᠨ ᠤᠯᠤᠰ᠂ ᠪᠦᠭᠦᠳᠠ ᠨᠠᠶᠢᠷᠠᠮᠳᠠᠬᠤ ᠺᠢᠷᠭᠢᠽᠰᠲ᠋ᠠᠨ ᠤᠯᠤᠰ᠂ ᠪᠦᠭᠦᠳᠠ ᠨᠠᠶᠢᠷᠠᠮᠳᠠᠬᠤ | ᠲᠠᠵᠢᠺᠰᠲ᠋ᠠᠨ ᠤᠯᠤᠰ᠂ ᠪᠦᠭᠦᠳᠠ ᠨᠠᠶᠢᠷᠠᠮᠳᠠᠬᠤ ᠲᠦᠷᠺᠮᠧᠨ᠋ᠰᠲ᠋ᠠᠨ᠂ ᠪᠦᠭᠦᠳᠠ ᠨᠠᠶᠢᠷᠠᠮᠳᠠᠬᠤ ᠦᠽᠪᠤᠺᠰᠲ᠋ᠠᠨ ᠤᠯᠤᠰ ᠯᠤᠭ᠎ᠠ ᠶᠢᠨ ᠡᠭᠦᠷᠢᠳᠡ ᠶᠢᠨ ᠡᠶᠡᠯᠰᠡᠭ | ᠨᠥᠭᠦᠷᠰᠡᠭ ᠬᠠᠮᠲᠤᠷᠠᠯᠴᠠᠭᠠᠨ ᠤ ᠭᠡᠷ᠎ᠡ︾ ᠳᠤ ᠭᠠᠷ ᠤᠨ ᠦᠰᠦᠭ ᠵᠢᠷᠤᠪᠠ᠃ | ᠲᠦᠷᠦᠭᠦᠴᠦᠳ ᠤᠨ ᠬᠤᠷᠠᠯ ᠠᠴᠠ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ᠂ ᠬᠥᠮᠥᠰ ᠤᠨ ᠶᠠᠪᠤᠯᠴᠠᠭ᠎ᠠ ᠶᠢ ᠳᠥᠭᠦᠮᠴᠢᠯᠡᠬᠦ᠂ | ᠪᠣᠬᠢᠷᠳᠤᠯ ᠦᠭᠡᠢ ᠠᠭᠤᠷᠬᠠᠢ ᠶᠢᠨ ᠭᠠᠷᠤᠯᠲᠠ᠂ ᠠᠷᠠᠯᠵᠢᠶ᠎ᠠ ᠶᠢ ᠰᠠᠭᠠᠳ ᠦᠭᠡᠢ ᠨᠡᠪᠲᠡᠷᠡᠭᠦᠯᠬᠦ᠂ ᠬᠤᠯᠪᠣᠯᠳᠤᠨ ᠨᠡᠪᠲᠡᠷᠡᠯᠴᠡᠬᠦ᠂ ᠠᠵᠤ ᠦᠢᠯᠡᠳᠪᠦᠷᠢ᠂ ᠪᠣᠭᠤᠮᠲᠠ | ᠵᠡᠷᠭᠡ ᠬᠦᠷᠢᠶᠡᠨ ᠤ 12 ᠬᠤᠪᠢ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠥᠰᠥᠭ ᠵᠢᠷᠤᠵᠠᠢ ᠭᠡᠵᠦ ᠨᠡᠶᠢᠲᠡᠯᠡᠪᠡ᠃ ᠲᠦᠷᠦᠭᠦᠴᠦᠳ ᠤᠨ | ᠬᠤᠷᠠᠯ ᠤᠨ ᠬᠤᠭᠤᠴᠠᠭᠠᠨ ᠳᠤ᠂ ᠳᠤᠮᠳᠠᠳᠤ ᠤᠯᠤᠰ ᠳᠤᠮᠳᠠ ᠠᠽᠢᠶ᠎ᠠ ᠶᠢᠨ ᠲᠠᠪᠤᠨ ᠤᠯᠤᠰ ᠲᠠᠢ ᠤᠯᠠᠨ ᠨᠥᠭᠦᠷᠰᠡᠭ ᠬᠤᠳᠠ ᠶᠢᠨ ᠵᠥᠪᠯᠡᠯᠴᠡᠭᠡᠷ ᠲᠣᠭᠲᠠᠵᠤ᠂ | ᠬᠤᠶᠠᠷ ᠲᠠᠯ᠎ᠠ ᠶᠢᠨ ᠨᠥᠭᠦᠷᠰᠡᠭ ᠬᠤᠳᠠ ᠶᠢᠨ ᠲᠤᠭ᠎ᠠ 100 ᠬᠤᠣᠰ ᠢ ᠳᠠᠪᠠᠪᠠ᠃ | ᠰᠢ ᠶᠢᠨ ᠫᠢᠩ ᠪᠠᠰᠠ ᠳᠤᠮᠳᠠ ᠠᠽᠢᠶ᠎ᠠ ᠶᠢᠨ ᠲᠠᠪᠤᠨ ᠤᠯᠤᠰ ᠤᠨ ᠲᠡᠷᠢᠭᠦᠨ ᠲᠠᠢ ᠬᠠᠮᠲᠤ ᠪᠠᠷ ᠳᠤᠮᠳᠠᠳᠤ ᠤᠯᠤᠰ — ᠳᠤᠮᠳᠠ ᠠᠽᠢᠶ᠎ᠠ ᠶᠢᠨ ᠶᠠᠳᠠᠭᠤ | ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠬᠠᠮᠲᠤᠷᠠᠯᠴᠠᠭᠠᠨ ᠤ ᠲᠥᠪ᠂ ᠰᠤᠷᠭᠠᠨ ᠬᠥᠮᠦᠵᠢᠯ ᠤᠨ ᠰᠣᠯᠢᠯᠴᠠᠭ᠎ᠠ ᠬᠠᠮᠲᠤᠷᠠᠯᠴᠠᠭᠠᠨ ᠤ ᠲᠥᠪ᠂ | ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠬᠠᠮᠲᠤᠷᠠᠯᠴᠠᠭᠠᠨ ᠤ ᠲᠥᠪ ᠪᠣᠯᠣᠨ ᠠᠷᠠᠯᠵᠢᠶ᠎ᠠ ᠶᠢ ᠰᠠᠭᠠᠳ ᠦᠭᠡᠢ ᠨᠡᠪᠲᠡᠷᠡᠭᠦᠯᠬᠦ ᠬᠠᠮᠲᠤᠷᠠᠯᠴᠠᠭᠠᠨ ᠤ ᠲᠠᠪᠴᠠᠩ ᠤᠨ | ᠫᠠᠶᠢᠰᠠ ᠰᠡᠬᠦᠬᠦ ᠶᠣᠰᠣᠯᠠᠯ ᠳᠤ ᠣᠷᠣᠯᠴᠠᠪᠠ᠃ | ᠡᠯ᠎ᠡ ᠲᠠᠯ᠎ᠠ ᠶᠢᠨ ᠬᠢᠨ ᠳᠤᠮᠳᠠᠳᠤ ᠤᠯᠤᠰ 2027 ᠣᠨ ᠳᠤ ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ — ᠳᠤᠮᠳᠠ ᠠᠽᠢᠶ᠎ᠠ ᠶᠢᠨ | ᠲᠦᠷᠦᠭᠦᠴᠦᠳ ᠤᠨ ᠬᠤᠷᠠᠯ ᠢ ᠭᠤᠣᠯᠯᠠᠨ ᠡᠷᠭᠢᠯᠡᠭᠦ ᠪᠠᠷ ᠵᠥᠪᠯᠡᠨ ᠲᠣᠭᠲᠠᠪᠠ᠃ | ᠲᠤᠰ ᠣᠷᠣᠢ᠂ ᠰᠢ ᠶᠢᠨ ᠫᠢᠩ ᠶᠡᠷᠦᠩᠬᠡᠶᠢᠯᠡᠭᠴᠢ ᠲᠦᠸᠧᠺᠠᠶᠧᠹ ᠤᠨ ᠲᠦᠷᠦᠭᠦᠴᠦᠳ ᠤᠨ ᠬᠤᠷᠠᠯ ᠳᠤ ᠣᠷᠤᠯᠴᠠᠬᠤ ᠤᠯᠤᠰ ᠤᠨ ᠲᠡᠷᠢᠭᠦᠨ ᠢ ᠤᠭᠲᠤᠬᠤ | ᠳᠠᠶᠢᠯᠠᠯᠭ᠎ᠠ ᠳᠤ ᠣᠷᠣᠯᠴᠠᠪᠠ᠃ | ᠼᠠᠢ ᠴᠢ᠂ ᠸᠠᠩ ᠢ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃ | | |