| | | | ᠰᠢᠨᠬᠤᠸᠠ ᠬᠤᠷᠢᠶ᠎ᠠ ᠶᠢᠨ ᠠᠰᠲ᠋ᠠᠨᠠ ᠶᠢᠨ 6 ᠰᠠᠷ᠎ᠠ ᠶᠢᠨ 18 ᠤ ᠴᠠᠭᠢᠯᠭᠠᠨ ᠮᠡᠳᠡᠭᠡ 6 ᠰᠠᠷ᠎ᠠ ᠶᠢᠨ 18 ᠤ ᠦᠳᠡ ᠶᠢᠨ ᠬᠤᠶᠢᠨ᠎ᠠ᠂ ᠤᠯᠤᠰ ᠤᠨ | ᠲᠡᠷᠢᠭᠦᠯᠡᠭᠴᠢ ᠰᠢ ᠶᠢᠨ ᠫᠢᠩ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ — ᠳᠤᠮᠳᠠ ᠠᠽᠢᠶ᠎ᠠ ᠶᠢᠨ ᠲᠦᠷᠦᠭᠦᠴᠦᠳ ᠤᠨ ᠬᠤᠷᠠᠯ ᠳᠤ ᠣᠷᠤᠯᠴᠠᠬᠤ | ᠠᠵᠢᠯᠯᠠᠭ᠎ᠠ ᠪᠠᠨ ᠲᠡᠭᠦᠰᠬᠡᠭᠡᠳ ᠲᠤᠰᠬᠠᠢ ᠨᠢᠰᠬᠡᠯ ᠢᠶᠠᠷ ᠪᠡᠭᠡᠵᠢᠩ ᠳᠤ ᠪᠤᠴᠠᠵᠤ ᠢᠷᠡᠪᠡ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠪ ᠤᠨ ᠠᠯᠪᠠᠨ | ᠲᠢᠩᠬᠢᠮ ᠤᠨ ᠡᠷᠭᠢᠯᠡᠭᠴᠢ ᠼᠠᠢ ᠴᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ | ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ ᠸᠠᠩ ᠢ ᠵᠡᠷᠭᠡ ᠪᠠᠷ᠎ᠠ ᠪᠣᠯᠣᠭᠰᠠᠳ ᠨᠢᠰᠬᠡᠯ ᠢᠶᠠᠷ ᠬᠠᠮᠲᠤ ᠪᠤᠴᠠᠵᠤ ᠢᠷᠡᠪᠡ᠃ | ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 18 ᠤ ᠴᠠᠭᠢᠯᠭᠠᠨ ᠮᠡᠳᠡᠭᠡ ᠲᠤᠬᠠᠢ ᠶᠢᠨ ᠭᠠᠵᠠᠷ ᠤᠨ ᠴᠠᠭ ᠢᠶᠠᠷ 6 ᠰᠠᠷ᠎ᠠ ᠶᠢᠨ 18 ᠤ | ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ — ᠳᠤᠮᠳᠠ ᠠᠽᠢᠶ᠎ᠠ ᠶᠢᠨ | ᠲᠦᠷᠦᠭᠦᠴᠦᠳ ᠤᠨ ᠬᠤᠷᠠᠯ ᠳᠤ ᠣᠷᠤᠯᠴᠠᠬᠤ ᠠᠵᠢᠯᠯᠠᠭ᠎ᠠ ᠪᠠᠨ ᠲᠡᠭᠦᠰᠬᠡᠭᠡᠳ ᠪᠡᠭᠡᠵᠢᠩ ᠵᠦᠭ ᠪᠤᠴᠠᠪᠠ᠃ | ᠠᠰᠲ᠋ᠠᠨᠠ ᠠᠴᠠ ᠰᠠᠯᠬᠤ ᠦᠶ᠎ᠡ ᠳᠤ᠂ ᠺᠠᠽᠠᠬᠰᠲ᠋ᠠᠨ ᠤ ᠶᠡᠷᠦᠩᠬᠡᠶᠢᠯᠡᠭᠴᠢ ᠲᠥᠸᠧᠺᠠᠶᠧᠹ ᠶᠡᠷᠦᠩᠬᠡᠶᠢᠯᠡᠭᠴᠢ ᠶᠢᠨ ᠠᠯᠪᠠᠨ ᠲᠢᠩᠬᠢᠮ ᠤᠨ ᠡᠷᠭᠢᠯᠡᠭᠴᠢ | ᠳ᠋ᠠᠵᠢᠶᠤᠪᠠᠢ᠂ ᠳᠡᠳ᠋ ᠶᠡᠷᠦᠩᠬᠡᠢ ᠰᠠᠶᠢᠳ ᠪᠥᠭᠡᠳ ᠭᠠᠳᠠᠭᠠᠳᠤ ᠶᠠᠪᠤᠳᠠᠯ ᠤᠨ ᠶᠠᠮᠤᠨ ᠤ ᠰᠠᠶᠢᠳ ᠨᠦᠷᠲ᠋ᠧᠯᠢᠶᠧ ᠆ ᠦ᠋᠂ ᠶᠡᠷᠦᠩᠬᠡᠶᠢᠯᠡᠭᠴᠢ ᠶᠢᠨ ᠭᠠᠳᠠᠭᠠᠳᠤ | ᠶᠠᠪᠤᠳᠠᠯ ᠤᠨ ᠵᠥᠪᠯᠡᠭᠴᠢ ᠺᠠᠵᠢᠬᠠᠨ᠂ ᠠᠰᠲ᠋ᠠᠨᠠ ᠬᠤᠳᠠ ᠶᠢᠨ ᠳᠠᠷᠤᠭ᠎ᠠ ᠺᠠᠰᠧᠮᠦ᠋ᠪᠢᠶᠧᠺ ᠵᠡᠷᠭᠡ ᠳᠡᠭᠡᠳᠦ ᠵᠡᠷᠭᠡ ᠶᠢᠨ ᠠᠯᠪᠠᠨ ᠲᠤᠰᠢᠶᠠᠯᠲᠠᠨ ᠢᠶᠠᠨ ᠳᠠᠭᠠᠭᠤᠯᠤᠨ | ᠨᠢᠰᠬᠡᠯ ᠤᠨ ᠪᠠᠭᠤᠳᠠᠯ ᠳᠤ ᠬᠦᠷᠴᠦ ᠦᠳᠡᠨ ᠮᠣᠷᠳᠠᠭᠤᠯᠵᠠᠢ᠃ | ᠰᠢ ᠶᠢᠨ ᠫᠢᠩ ᠤᠨ ᠰᠠᠭᠤᠭᠰᠠᠨ ᠲᠤᠰᠬᠠᠢ ᠨᠢᠰᠬᠡᠯ ᠨᠢᠰᠦᠭᠰᠡᠨ ᠤ ᠳᠠᠷᠠᠭ᠎ᠠ᠂ ᠺᠠᠽᠠᠬᠰᠲ᠋ᠠᠨ ᠤ ᠠᠭᠠᠷ ᠤᠨ ᠴᠡᠷᠢᠭ ᠤᠨ ᠪᠠᠶᠢᠯᠳᠤᠭᠠᠨ ᠤ ᠨᠢᠰᠬᠡᠯ ᠠᠭᠠᠷ ᠤᠨ | ᠠᠶᠠᠯᠠᠯ ᠢ ᠬᠠᠮᠠᠭᠠᠯᠠᠪᠠ᠃ | ᠨᠢᠰᠬᠡᠯ ᠤᠨ ᠪᠠᠭᠤᠳᠠᠯ ᠳᠤ ᠬᠦᠷᠬᠦ ᠵᠠᠮ ᠳᠤ᠂ ᠳᠤᠮᠳᠠᠳᠤ ᠶᠢᠨ ᠪᠡᠯᠡᠲᠦ ᠠᠵᠤ ᠠᠬᠤᠶᠢᠯᠠᠯ ᠪᠣᠯᠣᠨ ᠭᠠᠳᠠᠭᠠᠳᠤ ᠳᠤ ᠰᠤᠷᠤᠯᠴᠠᠵᠥ ᠪᠠᠶᠢᠭ᠎ᠠ | ᠰᠤᠷᠤᠬᠴᠢᠳ ᠤᠨ ᠲᠥᠯᠥᠭᠡᠯᠡᠭᠴᠢ ᠵᠠᠮ ᠤᠨ ᠬᠤᠶᠠᠷ ᠬᠠᠵᠠᠭᠤ ᠪᠠᠷ ᠳᠤᠮᠳᠠᠳᠤ ᠺᠠᠽᠠᠬᠰᠲ᠋ᠠᠨ ᠬᠤᠶᠠᠷ ᠤᠯᠤᠰ ᠤᠨ ᠤᠯᠤᠰ ᠤᠨ ᠲᠤᠭ ᠢ ᠬᠤᠷᠦ᠋ᠢᠯᠠᠵᠤ᠂ | ᠲᠡᠷᠢᠭᠦᠯᠡᠭᠴᠢ ᠰᠢ ᠶᠢᠨ ᠫᠢᠩ ᠤᠨ ᠳᠤᠮᠳᠠᠳᠤ ᠤᠯᠤᠰ — ᠳᠤᠮᠳᠠ ᠠᠽᠢᠶ᠎ᠠ ᠶᠢᠨ ᠲᠦᠷᠦᠭᠦᠴᠦᠳ ᠤᠨ ᠬᠤᠷᠠᠯ ᠳᠤ ᠣᠷᠣᠯᠴᠠᠭᠠᠳ ᠲᠡᠭᠦᠰ ᠠᠮᠵᠢᠯᠲᠠ | ᠣᠯᠣᠭᠰᠠᠨ ᠳᠤ ᠬᠠᠯᠠᠭᠤᠨ ᠪᠠᠶᠠᠷ ᠬᠦᠷᠭᠡᠪᠡ᠃ | |