ᠮᠠᠨ ᠤ ᠬᠤᠰᠢᠭᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤ ᠲᠥᠷᠥᠯ ᠵᠦᠢᠯ ᠤᠨ ᠰᠣᠷᠢᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/6/20
      6 ᠰᠠᠷ᠎ᠠ ᠶᠢᠨ 17᠎ ᠤ ᠡᠳᠦᠷ ᠠᠴᠠ 19᠎ ᠤ ᠡᠳᠦᠷ ᠪᠣᠯᠲᠠᠯ᠎ᠠ᠂ ᠮᠠᠨ ᠤ ᠬᠤᠰᠢᠭᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤ ᠲᠥᠷᠥᠯ ᠵᠦᠢᠯ ᠤᠨ ᠰᠣᠷᠢᠯᠲᠠ ᠶᠢᠨ ᠠᠵᠢᠯᠯᠠᠭ᠎ᠠ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠳᠡᠳ᠋ ᠡᠷᠬᠢᠯᠡᠭᠴᠢ᠂ ᠪᠡᠶ᠎ᠡ ᠶᠢᠨ ᠲᠠᠮᠢᠷ ᠤᠨ ᠴᠤᠭᠯᠠᠭᠠᠨ ᠤ ᠪᠡᠯᠡᠳᠬᠡᠯ ᠺᠣᠮᠢᠰ ᠤᠨ ᠶᠡᠷᠦᠩᠬᠡᠶᠢᠯᠡᠭᠰᠡᠨ ᠠᠯᠪᠠᠨ ᠬᠡᠷ ᠤᠨ ᠡᠷᠬᠢᠯᠡᠭᠴᠢ ᠯᠢ ᡁᠢ ᠶᠢᠦ᠂ ᠤᠯᠠᠭᠠᠨᠬᠠᠳᠠ ᠬᠤᠲᠠ ᠶᠢᠨ ᠳᠡᠳ᠋ ᠬᠤᠲᠠ ᠶᠢᠨ ᠳᠠᠷᠤᠭ᠎ᠠ᠂ ᠪᠡᠶ᠎ᠡ ᠶᠢᠨ ᠲᠠᠮᠢᠷ ᠤᠨ ᠴᠤᠭᠯᠠᠭᠠᠨ ᠢ ᠳᠠᠭᠠᠭᠠᠨ ᠡᠷᠭᠢᠯᠡᠬᠦ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠶᠠᠩ ᠮᠥ ᠵᠢᠴᠢ ᠪᠡᠶ᠎ᠡ ᠶᠢᠨ ᠲᠠᠮᠢᠷ ᠤᠨ ᠴᠤᠭᠯᠠᠭᠠᠨ ᠤ ᠪᠡᠯᠡᠳᠬᠡᠯ ᠺᠣᠮᠢᠰ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠪᠠ︔ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠶᠢᠨ ᠶᠠᠨ ᠴᠧᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠤᠮᠤᠬᠳᠤ ᠪᠠ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠵᠠᠶ᠃      17᠎ ᠤ ᠡᠳᠦᠷ᠂ ᠰᠢᠯᠭᠠᠨ ᠠᠪᠬᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠮᠣᠷᠢᠨ ᠤᠷᠤᠯᠳᠤᠭᠠᠨ ᠤ ᠲᠠᠯᠠᠪᠤᠷ ᠤᠨ ᠭᠦᠶᠦᠯᠲᠡ ᠶᠢᠨ ᠵᠠᠮ᠂ ᠬᠦᠷᠢᠶ᠎ᠡ ᠬᠠᠰᠢᠶ᠎ᠠ᠂ ᠠᠮᠤᠷ ᠲᠦᠪᠰᠢᠨ ᠤ ᠬᠠᠮᠠᠭᠠᠯᠠᠯᠲᠠ ᠶᠢᠨ ᠲᠥᠬᠦᠭᠡᠷᠦᠮᠵᠢ ᠵᠡᠷᠭᠡ ᠳᠤ ᠪᠥᠬᠦ ᠲᠠᠯ᠎ᠠ ᠶᠢᠨ ᠪᠠᠶᠢᠴᠠᠭᠠᠯᠲᠠ ᠬᠢᠪᠠ᠃ ᠡᠭᠦᠨ ᠤ ᠬᠠᠮᠲᠤ᠂ ᠮᠣᠷᠢᠨ ᠤ ᠠᠮᠠᠷᠠᠯᠲᠠ ᠶᠢᠨ ᠣᠷᠣᠨ᠂ ᠦᠵᠡᠭᠴᠢᠳ ᠤᠨ ᠰᠠᠭᠤᠳᠠᠯ ᠵᠡᠷᠭᠡ ᠢᠵᠢ ᠪᠦᠷᠢᠳᠦᠭᠦᠯᠬᠦ ᠲᠥᠬᠦᠭᠡᠷᠦᠮᠵᠢ ᠳᠤ ᠨᠠᠷᠢᠨ ᠪᠠᠶᠢᠴᠠᠭᠠᠯᠲᠠ ᠬᠢᠪᠡ᠃ ᠦᠳᠡ ᠶᠢᠨ ᠬᠤᠶᠢᠨ᠎ᠠ᠂ ᠬᠢᠨᠠᠭᠴᠢ᠂ ᠮᠡᠷᠭᠡᠵᠢᠯ ᠤᠨ ᠲᠤᠰᠢᠶᠠᠯᠲᠠᠨ᠂ ᠰᠠᠶᠢᠨ ᠳᠤᠷᠠᠴᠤᠳ ᠵᠢᠴᠢ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠬᠥᠮᠦᠰ ᠢ ᠵᠣᠬᠢᠶᠠᠨ ᠪᠠᠶᠢᠭᠤᠯᠤᠨ ᠲᠤᠰᠬᠠᠶ ᠰᠡᠳᠦᠪᠲᠦ ᠪᠣᠯᠪᠠᠰᠤᠷᠠᠯ ᠥᠷᠨᠢᠭᠦᠯᠵᠦ᠂ ᠠᠭᠤᠯᠭ᠎ᠠ ᠳᠤ ᠤᠷᠤᠯᠳᠤᠭᠠᠨ ᠤ ᠲᠦᠷᠢᠮ᠂ ᠮᠤᠷᠢᠨ ᠳᠡᠭᠡᠷᠡᠬᠢ ᠬᠦᠳᠡᠯᠬᠡᠬᠡᠨ ᠤ ᠠᠮᠤᠷ ᠲᠦᠪᠰᠢᠨ ᠤ ᠵᠢᠷᠤᠮᠵᠢᠯ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠶᠠᠪᠤᠴᠠ ᠵᠡᠷᠭᠡ ᠶᠢ ᠪᠠᠭᠲᠠᠭᠠᠵᠤ᠂ ᠠᠵᠢᠯᠲᠠᠨ ᠨᠢᠭᠡᠪᠦᠷᠢ ᠶᠢᠨ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠪᠠᠨ ᠣᠶᠢᠯᠠᠭᠠᠬᠤ ᠶᠢ ᠦᠨᠡᠨ ᠬᠦ ᠪᠠᠲᠤᠯᠠᠵᠤ᠂ ᠤᠷᠤᠯᠳᠤᠭᠠᠨ ᠤ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠤᠷᠤᠯᠳᠤᠭᠠᠨ ᠤ ᠶᠠᠪᠤᠳᠠᠯ ᠤᠨ ᠤᠷᠤᠭᠰᠢᠲᠠᠶ ᠶᠠᠪᠤᠭᠳᠠᠬᠤ ᠶᠢ ᠪᠠᠳᠤᠯᠠᠨ᠎ᠠ᠃      18᠎ ᠤ ᠡᠳᠦᠷ᠂ ᠡᠯ᠎ᠡ ᠠᠵᠢᠯ ᠤᠨ ᠪᠠᠶᠢᠷᠢ ᠶᠢᠨ ᠬᠥᠮᠦᠰ ᠵᠢᠩᠬᠢᠨᠢ ᠤᠷᠤᠯᠳᠤᠭᠠᠨ ᠤ ᠶᠠᠪᠤᠴᠠ ᠶᠢᠨ ᠶᠣᠰᠣᠭᠠᠷ᠂ ᠤᠷᠤᠯᠳᠤᠭᠠᠨ ᠤ ᠵᠠᠮ ᠤᠨ ᠬᠠᠮᠠᠭᠠᠯᠠᠯᠲᠠ᠂ ᠮᠤᠷᠢᠨ ᠤ ᠲᠣᠬᠢᠷᠠᠭᠤᠯᠤᠯᠲᠠ᠂ ᠠᠪᠤᠷᠠᠨ ᠲᠤᠰᠠᠯᠠᠬᠤ ᠪᠠᠲᠤᠯᠠᠭ᠎ᠠ ᠵᠡᠷᠭᠡ ᠭᠤᠭᠴᠤᠭ᠎ᠠ ᠳᠤ ᠰᠣᠷᠢᠯᠲᠠ ᠬᠢᠵᠦ᠂ ᠡᠯ᠎ᠡ ᠰᠠᠯᠠᠭ᠎ᠠ ᠮᠥᠴᠢᠷ ᠤᠨ ᠬᠠᠮᠵᠢᠯᠴᠠᠬᠤ ᠦᠷ᠎ᠡ ᠪᠦᠲᠦᠮᠵᠢ ᠶᠢ ᠰᠢᠯᠭᠠᠨ ᠪᠠᠶᠢᠴᠠᠭᠠᠵᠤ᠂ ᠠᠵᠢᠯᠯᠠᠭᠠᠨ ᠤ ᠲᠣᠭᠲᠠᠴᠠ ᠶᠢ ᠰᠢᠯᠢᠳᠡᠭᠵᠢᠭᠦᠯᠪᠡ᠃ ᠲᠣᠰ ᠤᠳᠠᠭᠠᠨ ᠤ ᠰᠣᠷᠢᠯᠲᠠ ᠪᠣᠯ ᠲᠠᠯᠠᠪᠤᠷ ᠪᠠ ᠲᠥᠬᠦᠭᠡᠷᠦᠮᠵᠢ ᠶᠢ ᠰᠢᠯᠭᠠᠨ ᠪᠠᠶᠢᠴᠠᠭᠠᠵᠤ ᠪᠠᠶᠢᠭ᠎ᠠ ᠶᠠᠪᠤᠳᠠᠯ ᠪᠣᠯᠬᠤ ᠪᠠᠷ ᠪᠠᠷᠠᠬᠤ ᠥᠬᠡᠶ᠂ ᠨᠠᠩ ᠴᠤ ᠤᠷᠤᠯᠳᠤᠭᠠᠨ ᠢ ᠵᠣᠬᠢᠶᠠᠨ ᠪᠠᠶᠢᠭᠤᠯᠬᠤ ᠴᠢᠳᠠᠪᠤᠷᠢ ᠶᠢᠨ ᠪᠥᠬᠦ ᠲᠠᠯ᠎ᠠ ᠶᠢᠨ ᠰᠢᠯᠭᠠᠯᠲᠠ ᠪᠣᠯᠤᠨ᠎ᠠ᠃ ᠰᠣᠷᠢᠯᠲᠠ ᠪᠠᠷ ᠳᠡᠮᠵᠢᠨ᠂ ᠳᠠᠯᠳᠠ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠬᠦ ᠶᠢᠨ ᠬᠠᠮᠲᠤ ᠰᠢᠢᠳᠪᠦᠷᠢᠯᠡᠵᠦ᠂ ᠤᠷᠤᠯᠳᠤᠭᠠᠨ ᠤ ᠵᠣᠬᠢᠶᠠᠨ ᠪᠠᠶᠢᠭᠤᠯᠬᠤ ᠴᠢᠳᠠᠪᠤᠷᠢ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ ᠪᠠᠰᠠ ᠬᠤᠶᠢᠰᠢᠳᠠ ᠶᠢᠨ ᠡᠯ᠎ᠡ ᠵᠦᠢᠯ ᠤᠨ ᠤᠷᠤᠯᠳᠤᠭᠠᠨ ᠤ ᠤᠷᠤᠭᠰᠢᠲᠠᠢ ᠶᠠᠪᠤᠭᠳᠠᠬᠤ ᠳᠤ ᠡᠷᠬᠢᠮ ᠨᠠᠨᠳᠢᠨ ᠲᠤᠷᠰᠢᠯᠭ᠎ᠠ ᠬᠤᠷᠠᠮᠳᠤᠭᠤᠯᠤᠭᠰᠠᠨ ᠪᠠᠶᠢᠨ᠎ᠠ᠃      19᠎ ᠤ ᠡᠳᠦᠷ ᠤᠨ ᠦᠳᠡ ᠶᠢᠨ ᠡᠮᠦᠨ᠎ᠡ᠂ ᠭᠤᠷᠪᠠᠳᠤᠭᠠᠷ ᠬᠤᠭᠤᠴᠠᠭᠠᠨ ᠤ ᠰᠣᠶᠣᠯ ᠵᠢᠭᠤᠯᠴᠢᠯᠠᠯ ᠤᠨ ᠤᠯᠠᠷᠢᠯ ︽ᠠᠳᠤᠭᠤᠨ ᠲᠠᠯ᠎ᠠ ᠬᠤᠨᠳᠠᠭᠠᠲᠤ︾ ᠮᠣᠷᠢᠨ ᠤᠷᠤᠯᠳᠤᠭᠠᠨ ᠠᠳᠤᠭᠤᠨ ᠲᠠᠯ᠎ᠠ ᠵᠢᠭᠤᠯᠴᠢᠯᠠᠯ ᠤᠨ ᠣᠷᠣᠨ ᠳᠤ ᠶᠠᠪᠤᠭᠳᠠᠵᠤ᠂ ᠬᠤᠷᠳᠤᠨ ᠮᠤᠷᠢᠨ ᠤ  ᠤᠷᠤᠯᠳᠤᠭᠠᠨ᠂ ᠵᠢᠷᠤᠭ᠎ᠠ ᠮᠣᠷᠢᠨ ᠤ ᠤᠷᠤᠯᠳᠤᠭᠠᠨ ᠵᠡᠷᠭᠡ ᠤᠯᠠᠮᠵᠢᠯᠠᠯᠲᠤ ᠲᠥᠷᠥᠯ ᠵᠦᠢᠯ ᠢ ᠲᠣᠬᠢᠷᠠᠭᠤᠯᠵᠤ᠂ ᠤᠨᠤᠭᠠᠴᠢᠳ ᠤᠨ ᠡᠵᠡᠮᠳᠡᠬᠦ ᠤᠷ᠎ᠠ ᠮᠡᠷᠭᠡᠵᠢᠯ ᠢ ᠰᠢᠯᠭᠠᠭᠰᠠᠨ ᠢᠶᠠᠷ ᠪᠠᠷᠠᠬᠤ ᠦᠭᠡᠢ ᠪᠠᠰᠠ ᠮᠣᠩᠭᠤᠯ ᠮᠣᠷᠢᠨ ᠤ ᠰᠢᠯᠢᠳᠡᠭ ᠶᠠᠰᠤ ᠴᠢᠨᠠᠷ ᠢ  ᠬᠠᠷᠠᠭᠤᠯᠪᠠ᠃ ᠲᠣᠰ ᠤᠳᠠᠭᠠᠨ ᠤ ᠠᠵᠢᠯᠯᠠᠭ᠎ᠠ ᠨᠢ ᠮᠠᠨ ᠤ ᠬᠤᠰᠢᠭᠤᠨ ᠤ ᠠᠳᠤᠭᠤᠨ ᠰᠣᠶᠣᠯ ᠤᠨ ᠭᠦᠨ ᠠᠭᠤᠯᠬᠤᠨ ᠢ ᠢᠯᠡᠷᠡᠭᠦᠯᠦᠭᠰᠡᠨ ᠢᠶᠠᠷ ᠪᠠᠷᠠᠬᠤ ᠥᠬᠡᠶ᠂ ᠨᠠᠩ ᠴᠤ ᠤᠳᠠᠯ ᠥᠬᠡᠶ ᠬᠦᠷᠴᠦ ᠢᠷᠡᠬᠦ ᠭᠡᠵᠦ ᠪᠠᠶᠢᠭ᠎ᠠ ᠪᠡᠶ᠎ᠡ ᠲᠠᠮᠢᠷ ᠤᠨ ᠴᠤᠭᠯᠠᠭᠠᠨ ᠳᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠵᠤ᠂ ᠪᠡᠶ᠎ᠡ ᠲᠠᠮᠢᠷ ᠤᠨ ᠴᠤᠭᠯᠠᠭᠠᠨ ᠤ ᠣᠯᠠᠨ ᠲᠦᠮᠡᠨ ᠤ ᠣᠷᠣᠯᠴᠠᠬᠤ ᠬᠡᠮᠵᠢᠶ᠎ᠡ᠂ ᠨᠡᠶᠢᠭᠡᠮ ᠤᠨ ᠠᠩᠬᠠᠷᠬᠤ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠪᠡ᠃      ᠣᠶᠢᠯᠠᠭᠠᠭᠰᠠᠨ ᠢᠶᠠᠷ᠂ ᠠᠷᠪᠠᠨ ᠨᠢᠭᠡᠳᠦᠭᠡᠷ ᠬᠤᠭᠤᠴᠠᠭᠠᠨ ᠤ ᠪᠥᠬᠦ ᠣᠷᠣᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤ ᠪᠠᠭᠠᠷᠢᠨ ᠪᠠᠷᠠᠭᠤᠨ ᠬᠤᠰᠢᠭᠤᠨ ᠤ ᠬᠤᠪᠢᠶᠠᠷᠢ ᠲᠠᠯᠠᠪᠠᠢ ᠶᠢᠨ ᠤᠷᠤᠯᠳᠤᠭᠠᠨ 2025 ᠣᠨ ᠤ 7 ᠰᠠᠷ᠎ᠠ ᠶᠢᠨ 20᠎ ᠤ ᠡᠳᠦᠷ ᠵᠢᠩᠬᠢᠨᠢ ᠪᠠᠷ ᠡᠬᠢᠯᠡᠬᠦ ᠪᠣᠯᠤᠨ᠎ᠠ᠃ ᠲᠣᠰ ᠤᠳᠠᠭᠠᠨ ᠤ ᠰᠣᠷᠢᠯᠲᠠ ᠶᠢᠨ ᠠᠵᠢᠯᠯᠠᠭ᠎ᠠ ᠶᠢ ᠠᠮᠵᠢᠯᠲᠠ ᠲᠠᠢ ᠥᠷᠨᠢᠭᠦᠯᠦᠭᠰᠡᠨ ᠨᠢ ᠪᠡᠶ᠎ᠡ ᠶᠢᠨ ᠲᠠᠮᠢᠷ ᠤᠨ ᠴᠤᠭᠯᠠᠭᠠᠨ ᠤ ᠪᠡᠯᠡᠳᠬᠡᠯ ᠠᠵᠢᠯ ᠡᠴᠦᠰ ᠤᠨ ᠰᠢᠪᠲᠤᠯᠤᠯᠲᠠ ᠶᠢᠨ ᠱᠠᠲᠤᠨ ᠳᠤ ᠤᠷᠤᠭᠰᠠᠨ ᠢ ᠬᠠᠷᠠᠭᠤᠯᠵᠤ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤ ᠡᠯ᠎ᠡ ᠵᠦᠢᠯ ᠤᠨ ᠪᠡᠯᠡᠳᠬᠡᠯ ᠠᠵᠢᠯ ᠢ ᠲᠦᠷᠭᠡᠳᠬᠡᠨ ᠠᠬᠢᠭᠤᠯᠵᠤ᠂ ᠲᠡᠷᠢᠭᠦᠨ ᠤ ᠲᠠᠯᠠᠪᠤᠷ ᠤᠨ ᠲᠥᠬᠦᠭᠡᠷᠦᠮᠵᠢ ᠪᠠ ᠦᠢᠯᠡᠴᠢᠯᠡᠭᠡᠨ ᠤ ᠪᠠᠲᠤᠯᠠᠭ᠎ᠠ ᠪᠠᠷ ᠦᠵᠡᠭᠴᠢᠳ ᠲᠤ ᠭᠤᠶᠢᠳᠠ ᠰᠠᠶᠢᠬᠠᠨ᠂ ᠠᠮᠤᠷ ᠲᠦᠪᠰᠢᠨ᠂ ᠥᠨᠳᠥᠷ ᠬᠢᠷᠢ ᠲᠦᠪᠰᠢᠨ ᠪᠥᠬᠦᠶ ᠦᠨᠳᠦᠰᠦᠲᠡᠨ ᠤ ᠪᠡᠶ᠎ᠡ ᠶᠢᠨ ᠲᠠᠮᠢᠷ ᠤᠨ ᠦᠪᠡᠳᠡᠭᠰᠢ ᠴᠤᠭᠯᠠᠭᠠᠨ ᠢ ᠦᠵᠡᠭᠦᠯᠵᠦ᠂ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠥᠪᠡᠷᠮᠢᠴᠡ ᠷᠢᠳᠢ ᠰᠢᠳᠢ ᠶᠢ ᠪᠥᠬᠦ ᠲᠠᠯ᠎ᠠ ᠪᠠᠷ ᠢᠯᠡᠷᠡᠭᠦᠯᠦᠨ᠎ᠡ᠃
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ