| | | 6 ᠰᠠᠷ᠎ᠠ ᠶᠢᠨ 19 ᠤ ᠡᠳᠦᠷ ᠤᠨ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠤ ᠵᠠᠰᠠᠭ ᠤᠨ | ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤᠨ ᠳᠠᠷᠤᠭ᠎ᠠ ᠲᠢᠶᠠᠨ ᠶᠦᠩ ᠰᠢᠶᠠᠩ ᠪᠠᠭᠠᠷᠢᠨ ᠪᠠᠷᠠᠭᠤᠨ ᠬᠤᠰᠢᠭᠤᠨ ᠤ ᠠᠷᠪᠠᠨ | ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠨᠠᠶᠠᠳᠤᠭᠠᠷ ᠤᠳᠠᠭᠠᠨ ᠤ ︵2025 ᠣᠨ ᠤ 11 ᠳ᠋ᠤᠭᠡᠷ ᠤᠳᠠᠭ᠎ᠠ︶ ᠨᠠᠮ ᠤᠨ ᠤᠳᠤᠷᠢᠳᠬᠤ | ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠡᠷ ᠲᠡᠭᠡᠨ ᠪᠠᠶᠢᠭ᠎ᠠ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠭᠡᠰᠢᠭᠦᠳ | ᠬᠤᠷᠠᠯ ᠳᠤ ᠣᠷᠣᠯᠴᠠᠵᠤ᠂ ᠬᠤᠷᠠᠯ ᠤᠨ ᠵᠥᠪᠯᠡᠬᠦ ᠰᠡᠳᠦᠪ ᠲᠠᠢ ᠬᠤᠯᠪᠣᠭᠳᠠᠬᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠰᠤᠯᠠ ᠣᠷᠣᠯᠴᠠᠪᠠ᠃ | ᠬᠤᠷᠠᠯ ᠠᠴᠠ ︽ᠦᠨᠡᠨ︾ ᠰᠡᠳᠬᠦᠯ ᠤᠨ ᠨᠡᠶᠢᠲᠡᠯᠡᠭᠰᠡᠨ ᠶᠡᠷᠦᠩᠬᠡᠢ ᠱᠦᠵᠢ ᠰᠢ ᠶᠢᠨ ᠫᠢᠩ ᠤᠨ ︽ᠳᠤᠮᠳᠠ ᠤᠷᠳᠤ ᠬᠤᠭᠤᠴᠠᠭᠠᠨ ᠤ | ᠲᠥᠯᠥᠪᠵᠢᠭᠦᠯᠭᠡ ᠪᠠᠷ ᠠᠵᠤ ᠠᠬᠤᠢ ᠨᠡᠶᠢᠭᠡᠮ ᠤᠨ ᠬᠥᠭᠵᠢᠯᠲᠡ ᠶᠢ ᠵᠢᠯᠣᠭᠤᠳᠬᠤ ᠪᠣᠯ ᠮᠠᠨ ᠤ ᠨᠠᠮ ᠤᠨ ᠲᠦᠷᠦ ᠶᠢ ᠵᠠᠰᠠᠵᠤ ᠵᠠᠰᠠᠭ ᠢ ᠡᠷᠬᠢᠯᠡᠬᠦ ᠨᠢᠭᠡ ᠵᠦᠢᠯ ᠤᠨ | ᠴᠢᠬᠤᠯᠠ ᠠᠷᠭ᠎ᠠ ᠬᠡᠯᠪᠡᠷᠢ ᠮᠥᠨ︾ ᠭᠡᠬᠦ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠪᠠ︔ 2025 ᠣᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ | ᠪᠡᠯᠡ ᠮᠥᠩᠭᠦ ᠶᠢ ᠬᠡᠷᠡᠭᠯᠡᠬᠦ ᠲᠥᠯᠥᠪᠯᠡᠭᠡ ᠵᠡᠷᠭᠡ ᠶᠠᠪᠤᠳᠠᠯ ᠢ ᠰᠤᠳᠤᠯᠵᠠᠢ᠃ | ᠬᠤᠷᠠᠯ ᠠᠴᠠ ᠴᠢᠬᠤᠯᠠᠴᠢᠯᠠᠭᠰᠠᠨ ᠨᠢ ᠂ ᠵᠠᠰᠠᠭ ᠤᠨ ᠣᠷᠳᠣᠨ ᠤ ᠰᠢᠰᠲ᠋ᠧᠮ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ | ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠤᠷᠲᠠᠯ ᠤᠨ ᠪᠠᠶᠢᠭᠤᠯᠤᠯᠲᠠ ᠶᠢᠨ ᠲᠦᠢᠯ ᠤᠨ | ᠴᠢᠬᠤᠯᠠ ᠴᠢᠨᠠᠷ ᠪᠣᠯᠤᠨ ᠤᠷᠳᠤ ᠬᠤᠭᠤᠴᠠᠭᠠᠨ ᠤ ᠪᠤᠳᠤᠯᠢᠶᠠᠨᠲᠤ ᠴᠢᠨᠠᠷ ᠢ ᠭᠦᠨᠵᠡᠭᠡᠢ ᠲᠠᠨᠢᠵᠤ᠂ ᠰᠠᠬᠢᠯᠭ᠎ᠠ ᠪᠠᠲᠤ ᠶᠢᠨ ᠤᠬᠠᠮᠰᠠᠷ ᠪᠣᠯᠤᠨ ᠶᠣᠰᠣ ᠲᠦᠷᠢᠮ ᠤᠨ | ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠰᠡᠳᠬᠢᠯ ᠳᠡᠭᠡᠨ ᠰᠢᠩᠭᠡᠭᠡᠵᠦ᠂ ᠦᠢᠯᠡ ᠠᠵᠢᠯᠯᠠᠭ᠎ᠠ ᠳᠠᠭᠠᠨ | ᠢᠯᠡᠷᠡᠭᠦᠯᠬᠦ ᠬᠡᠷᠡᠭᠲᠡᠢ᠃ ᠬᠡᠷᠡᠭ ᠢᠶᠠᠷ ᠲᠤᠯᠢ ᠪᠣᠯᠭᠠᠬᠤ ᠶᠢ ᠪᠠᠷᠢᠮᠲᠠᠯᠠᠵᠤ᠂ ᠨᠠᠮ ᠤᠨ ᠭᠡᠰᠢᠭᠦᠨ ᠤᠳᠤᠷᠢᠳᠬᠤ ᠺᠠᠳ᠋ᠷ ᠳᠡᠭᠡᠳᠦ ᠱᠠᠳᠤ ᠨᠢ ᠲᠤᠤᠷᠠᠳᠤ ᠱᠠᠳᠤ ᠪᠠᠨ | ᠳᠠᠭᠠᠭᠤᠯᠬᠤ ᠶᠢ ᠪᠠᠷᠢᠮᠲᠠᠯᠠᠵᠤ᠂ ︽ᠵᠠᠩᠭᠢᠯᠠᠭ᠎ᠠ ᠶᠢᠨ ᠴᠥᠭᠡᠨ ᠲᠣᠭᠠᠲᠠᠨ︾ ᠤ ᠵᠢᠱᠢᠶ᠎ᠡ ᠦᠵᠡᠭᠦᠯᠵᠦ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ | ᠤᠬᠠᠮᠰᠠᠷ ᠠᠴᠠ ᠪᠠᠨ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠵᠤ᠂ ᠥᠪᠡᠷ ᠢ ᠪᠠᠨ ᠲᠥᠪ ᠪᠣᠯᠭᠠᠬᠤ᠂ ᠥᠪᠡᠷ ᠢ ᠪᠠᠨ ᠴᠡᠪᠡᠷ ᠪᠠᠶᠢᠯᠭᠠᠬᠤ᠂ | ᠥᠪᠡᠷ ᠢ ᠪᠠᠨ ᠴᠢᠩᠭ᠎ᠠ ᠳᠠᠶᠢᠴᠢᠯᠠᠬᠤ ᠪᠠᠷ ᠰᠠᠶᠢᠨ ᠰᠠᠶᠢᠬᠠᠨ ᠬᠡᠪ ᠰᠤᠷᠲᠠᠯ ᠢ ᠪᠤᠢ ᠪᠣᠯᠭᠠᠬᠤ ᠬᠡᠷᠡᠭᠲᠡᠢ᠃ ᠡᠭᠦᠨ ᠤ ᠬᠠᠮᠲᠤ᠂ ︽ᠨᠢᠭᠡ ᠠᠵᠢᠯ ᠤᠨ ᠪᠠᠶᠢᠷᠢ ᠳᠤ | ᠬᠤᠶᠠᠷ ᠬᠠᠷᠢᠭᠤᠴᠠᠯᠭ᠎ᠠ ᠡᠭᠦᠷᠭᠡᠯᠡᠬᠦ︾ ᠶᠢ ᠴᠢᠩᠭ᠎ᠠ ᠨᠠᠶᠢᠳᠠᠪᠤᠷᠢᠵᠢᠭᠤᠯᠵᠤ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠨᠠᠮ ᠤᠨ ᠭᠡᠰᠢᠭᠦᠨ ᠺᠠᠳ᠋ᠷᠴᠤᠳ ᠤᠨ | ᠬᠥᠮᠦᠵᠢᠯ᠂ ᠬᠠᠮᠢᠶᠠᠷᠤᠯᠲᠠ ᠪᠠ ᠬᠢᠨᠠᠯᠲᠠ ᠶᠢ ᠰᠠᠶᠢᠲᠤᠷ ᠠᠳᠬᠤᠵᠤ᠂ ᠴᠤᠬᠤᠶᠢᠯᠲᠠ ᠶᠢᠨ ᠴᠢᠨᠠᠷᠲᠠᠢ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠦᠨ ᠵᠠᠯᠠᠷᠠᠭᠤᠯᠵᠤ | ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠬᠤ ᠬᠡᠷᠡᠭᠲᠡᠢ ᠭᠡᠪᠡ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |