ᠲᠢᠶᠠᠨ ᠶᠦᠩ ᠰᠢᠶᠠᠩ ᠪᠠᠭᠠᠷᠢᠨ ᠪᠠᠷᠠᠭᠤᠨ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠭᠤᠴᠢᠳᠤᠭᠠᠷ ᠤᠳᠠᠭ᠎ᠠ ︵2025 ᠣᠨ ᠤ 7 ᠳ᠋ᠤᠭᠠᠷ ᠤᠳᠠᠭ᠎ᠠ︶᠎ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/6/20
      6 ᠰᠠᠷ᠎ᠠ ᠶᠢᠨ 19᠎ ᠤ ᠡᠳᠦᠷ ᠤᠨ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ ᠬᠤᠷᠢᠶ᠎ᠡ ᠶᠢᠨ ᠳᠡᠳ᠋ ᠱᠦᠵᠢ᠂ ᠬᠤᠰᠢᠭᠤᠨ ᠤ ᠵᠠᠰᠠᠭ ᠤᠨ ᠣᠷᠳᠣᠨ ᠤ ᠳᠠᠷᠤᠭ᠎ᠠ ᠲᠢᠶᠠᠨ ᠶᠦᠩ ᠰᠢᠶᠠᠩ ᠪᠠᠭᠠᠷᠢᠨ ᠪᠠᠷᠠᠭᠤᠨ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠭᠤᠴᠢᠳᠤᠭᠠᠷ ᠤᠳᠠᠭ᠎ᠠ ︵2025 ᠣᠨ ᠤ 7 ᠳ᠋ᠤᠭᠠᠷ ᠤᠳᠠᠭ᠎ᠠ︶᠎ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠰᠠᠭᠠᠲᠠᠪᠠ︔ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠮᠦᠩᠬᠡᠨ᠋ᠦ᠋ᠯᠵᠡᠢ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠠᠩ ᠢ ᠬᠤᠷᠠᠯ ᠳᠤ ᠰᠤᠯᠠ ᠣᠷᠣᠯᠴᠠᠪᠠ︔ ᠬᠤᠷᠠᠯ ᠤᠨ ᠵᠥᠪᠯᠡᠬᠦ ᠰᠡᠳᠦᠪ ᠲᠠᠢ ᠬᠤᠯᠪᠣᠭᠳᠠᠬᠤ ᠭᠠᠵᠠᠷ ᠣᠷᠣᠨ ᠪᠠ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ       ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠤᠬᠠᠶ ᠴᠢᠬᠤᠯᠠ ᠥᠭᠦᠯᠡᠯᠲᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠲᠦᠷᠢᠮ︾᠂ ︽ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠠᠵᠢᠯ ᠤᠨ ᠲᠦᠷᠢᠮ︾᠎ ᠢ ᠤᠯᠠᠮᠵᠢᠯᠠᠨ ᠰᠤᠷᠤᠯᠴᠠᠪᠠ︔ ︽ᠪᠠᠭᠠᠷᠢᠨ ᠪᠠᠷᠠᠭᠤᠨ ᠬᠤᠰᠢᠭᠤᠨ ᠤ ᠲᠣᠰ ᠱᠠᠲᠤᠨ ᠤ ᠨᠠᠮ ᠵᠠᠰᠠᠭ ᠤᠨ ᠪᠠᠶᠢᠭᠤᠯᠤᠯᠭ᠎ᠠ ᠶᠢᠨ ᠠᠯᠪᠠᠨ ᠶᠠᠪᠤᠳᠠᠯ ᠤᠨ ᠵᠤᠴᠢᠯᠠᠯᠭ᠎ᠠ ᠶᠢᠨ ᠭᠥᠯᠢᠶᠡᠨ ᠠᠪᠬᠤ ᠬᠠᠮᠢᠶᠠᠷᠤᠯᠲᠠ ᠶᠢᠨ ᠠᠷᠭ᠎ᠠ ︵ᠵᠠᠰᠠᠪᠤᠷᠢ ᠣᠷᠣᠭᠤᠯᠤᠭᠰᠠᠨ︶︾᠂ ︽ᠪᠠᠭᠠᠷᠢᠨ ᠪᠠᠷᠠᠭᠤᠨ ᠬᠤᠰᠢᠭᠤᠨ ᠤ ᠣᠷᠣᠰᠢᠭᠤᠯᠭ᠎ᠠ ᠶᠢᠨ ᠦᠢᠯᠡᠴᠢᠯᠡᠭᠡᠨ ᠤ ᠲᠥᠪ ᠤᠨ ᠣᠷᠣᠰᠢᠭᠤᠯᠭ᠎ᠠ ᠶᠢᠨ ᠦᠢᠯᠡᠴᠢᠯᠡᠭᠡᠨ ᠤ ᠰᠦᠢᠳᠬᠡᠯ ᠬᠤᠷᠢᠶᠠᠬᠤ ᠪᠠᠷᠢᠮᠵᠢᠶ᠎ᠠ ᠶᠢ ᠲᠣᠭᠲᠠᠭᠠᠬᠤ ᠲᠥᠰᠦᠯ︾᠎ ᠢ ᠬᠢᠨᠠᠨ ᠵᠥᠪᠯᠡᠪᠡ᠃      ᠬᠤᠷᠠᠯ ᠠᠴᠠ ᠵᠢᠭᠠᠵᠣ ᠭᠠᠷᠭᠠᠭᠰᠠᠨ ᠨᠢ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠨᠢ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾᠎ ᠤᠨ ᠨᠢᠭᠡ ᠪᠣᠯᠤᠭᠰᠠᠨ ᠤ ᠬᠤᠪᠢ ᠳᠤ᠂ ᠨᠢᠭᠡᠨ ᠴᠢᠬᠤᠯᠠ ᠤᠯᠤᠰ ᠲᠥᠷᠥ ᠶᠢᠨ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ ᠪᠣᠯᠤᠨ᠎ᠠ ᠃ ᠡᠯ᠎ᠡ ᠰᠤᠮᠤ ᠪᠠᠯᠭᠠᠰᠤ ᠵᠡᠭᠡᠯᠢ ᠭᠤᠳᠤᠮᠵᠢ᠂ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠤᠬᠠᠶ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠤᠯᠪᠣᠭᠳᠠᠯ ᠪᠥᠬᠦᠶ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠤᠨ᠂ ᠨᠠᠩ ᠶᠡᠭᠡ ᠡᠷᠡᠰ ᠵᠣᠷᠢᠭ᠂ ᠨᠠᠩ ᠴᠢᠩᠭ᠎ᠠ ᠡᠷᠴᠢᠮ᠂ ᠨᠠᠩ ᠪᠣᠳᠠᠲᠠᠶ ᠠᠷᠭ᠎ᠠ ᠬᠡᠮᠵᠢᠶ᠎ᠡ ᠪᠠᠷ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠤᠨ ᠭᠦᠨᠵᠡᠭᠡᠶᠢᠷᠡᠨ ᠥᠷᠨᠢᠬᠦ ᠶᠢ ᠠᠬᠢᠭᠤᠯᠬᠤ ᠬᠡᠷᠡᠭᠲᠡᠶ᠃ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ᠂ ᠬᠠᠤᠯᠢ ᠴᠠᠭᠠᠵᠠ ᠶᠢᠨ ᠨᠡᠶᠢᠲᠡ ᠶᠢᠨ ᠢᠲᠡᠭᠡᠮᠵᠢ ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠰᠣᠶᠣᠯ ᠢ ᠬᠥᠮᠦᠵᠢᠭᠦᠯᠬᠦ᠂ ᠶᠣᠰᠣ ᠲᠦᠷᠢᠮ ᠲᠣᠭᠲᠠᠭᠠᠬᠤ᠂ ᠴᠢᠩᠭ᠎ᠠ ᠬᠠᠮᠢᠶᠠᠷᠬᠤ᠂ ᠢᠯᠡ ᠪᠠᠷ ᠱᠠᠩᠨᠠᠵᠤ ᠲᠣᠷᠭᠠᠬᠤ᠂ ᠬᠤᠷᠢᠭ᠎ᠠ ᠱᠤᠭᠤᠮ ᠢ ᠪᠠᠲᠤᠯᠠᠬᠤ ᠡᠯ᠎ᠡ ᠵᠦᠢᠯ ᠤᠨ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠵᠦ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠪᠠᠷ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠳᠠᠶᠢᠴᠢᠯᠠᠬᠤ ᠪᠠᠷ ᠴᠢᠷᠮᠠᠶᠢᠬᠤ ᠬᠡᠷᠡᠭᠲᠡᠶ ᠭᠡᠵᠠᠢ᠃      ᠬᠤᠷᠠᠯ ᠠᠴᠠ ᠴᠢᠬᠤᠯᠠᠴᠢᠯᠠᠭᠰᠠᠨ ᠨᠢ᠂ ︽ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠲᠦᠷᠢᠮ ︾᠎ ᠨᠢ ᠨᠠᠮ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠣᠯᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠳᠤ ᠦᠵᠡᠭᠦᠯᠬᠦ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠠᠵᠢᠯ ᠢ ᠭᠦᠨᠵᠡᠭᠡᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ︽ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠠᠵᠢᠯ ᠤᠨ ᠳᠦᠷᠢᠮ︾᠎ ᠢ ᠰᠤᠷᠤᠯᠴᠠᠨ ᠲᠤᠤᠱᠯᠠᠭᠤᠯᠬᠤ ᠶᠢ ᠨᠢᠭᠡ ᠵᠦᠢᠯ ᠤᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠰᠤᠷᠤᠯᠴᠠᠬᠤ᠂ ᠤᠬᠠᠭᠤᠯᠬᠤ᠂ ᠲᠠᠶᠢᠯᠪᠤᠷᠢᠯᠠᠬᠤ᠂ ᠬᠡᠷᠡᠭᠵᠢᠭᠦᠯᠬᠦ ᠶᠢ ᠴᠢᠩᠭᠠᠳᠬᠠᠵᠤ᠂ ᠲᠤᠰ ᠡᠭᠡᠯᠵᠢ ᠶᠢᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠲᠠᠢ ᠤᠶᠠᠯᠳᠤᠭᠤᠯᠤᠨ᠂ ᠬᠠᠮᠢᠶ᠎ᠠ ᠪᠦᠬᠦᠢ ᠲᠣᠭᠲᠠᠭᠠᠯ ᠤᠨ ᠱᠠᠭᠠᠷᠳᠠᠯᠭ᠎ᠠ ᠶᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ︽ᠣᠳᠣᠬᠠᠨ ᠳᠤ ᠥᠭᠡᠷᠡᠴᠢᠯᠡᠬᠦ︾ ᠪᠠ ︽ᠤᠷᠳᠤ ᠬᠤᠭᠤᠴᠠᠭ᠎ᠠ ᠪᠠᠷ ᠪᠠᠶᠢᠭᠤᠯᠬᠤ︾᠎ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ᠰᠢᠮᠳᠠᠭᠤᠯᠤᠨ ᠪᠠᠶᠢᠴᠠᠭᠠᠬᠤ ᠠᠵᠢᠯ ᠤᠨ ᠲᠠᠰᠤᠷᠠᠯᠲᠠ ᠦᠭᠡᠢ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠬᠡᠷᠡᠭᠲᠡᠢ ᠭᠡᠪᠡ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ