| | | 6 ᠰᠠᠷ᠎ᠠ ᠶᠢᠨ 18 ᠤ ᠡᠳᠦᠷ᠂ ᠴᠠᠭᠠᠨᠮᠥ᠋ᠷᠡᠨ ᠰᠤᠮᠤ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠰᠡᠴᠡᠨ ᠳᠡᠭᠡᠳᠦ ᠭᠦᠷᠦᠨ ᠭᠦᠩᠵᠤ ᠶᠢᠨ ᠰᠣᠶᠣᠯ ᠤᠨ | ᠨᠠᠶᠢᠷ ᠵᠢᠴᠢ ︽ᠬᠤᠶᠠᠷ ᠡᠷᠭᠢ ᠶᠢᠨ ᠵᠢᠷᠭᠤᠭᠠᠨ ᠭᠠᠵᠠᠷ ᠣᠷᠣᠨ︾ ᠤ ᠬᠠᠮᠲᠤ ᠶᠢᠨ ᠴᠣᠭᠴᠠ ᠶᠢᠨ ᠪᠠᠶᠢᠭᠤᠯᠣᠯᠲᠠ ᠶᠢᠨ ᠠᠵᠢᠯᠯᠠᠭᠠᠨ ᠡᠬᠢᠯᠡᠪᠡ᠃ | ᠠᠵᠢᠯᠯᠭᠠᠠᠨ ᠳᠤ᠂ ︽ᠬᠤᠶᠠᠷ ᠡᠷᠭᠢ ᠶᠢᠨ ᠵᠢᠷᠭᠤᠭᠠᠨ ᠭᠠᠵᠠᠷ ᠤᠷᠤᠨ︾ ᠤ ᠪᠣᠳᠠᠰ ᠤᠨ ᠪᠤᠰᠤ ᠰᠣᠶᠣᠯ ᠤᠨ ᠥᠪ ᠤᠨ ᠤᠷᠠᠨ ᠰᠠᠶᠢᠬᠠᠨ ᠤ ᠲᠣᠭᠯᠠᠯᠲᠠ | ᠪᠠ ᠳᠡᠯᠭᠡᠨ ᠪᠣᠷᠣᠯᠠᠭᠤᠯᠬᠤ ᠴᠤᠭᠯᠠᠭᠠᠨ ᠢ ᠥᠷᠨᠢᠭᠦᠯᠵᠦ᠂ ᠵᠤᠭᠠᠴᠠᠭᠰᠠᠳ ᠲᠤ ᠪᠣᠳᠠᠰ ᠤᠨ ᠪᠤᠰᠤ ᠰᠣᠶᠣᠯ ᠤᠨ ᠥᠪ ᠤᠨ ᠥᠪᠡᠷᠮᠢᠴᠡ ᠷᠢᠳᠢ ᠰᠢᠳᠢ ᠶᠢ | ᠮᠡᠳᠡᠷᠡᠭᠦᠯᠵᠦ᠂ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠤᠨ ᠤᠯᠠᠮᠵᠢᠯᠠᠯ ᠪᠠ ᠵᠠᠯᠭᠠᠮᠵᠢᠯᠠᠯ ᠢ ᠠᠬᠢᠭᠤᠯᠪᠠ︔ ᠪᠥᠬᠡ ᠪᠠᠷᠢᠯᠳᠤᠬᠤ᠂ ᠳᠡᠭᠡᠰᠦ ᠲᠠᠲᠠᠬᠤ᠂ | ︽ᠠᠳᠤᠭᠤᠴᠢᠨ︾᠂ ︽ᠪᠦᠰᠡᠬᠦᠢ︾ ᠵᠡᠷᠭᠡ ᠤᠷᠤᠯᠳᠤᠭᠠᠨ ᠤ ᠲᠥᠷᠥᠯ ᠵᠦᠢᠯ ᠢ ᠡᠷᠬᠢᠯᠡᠵᠦ᠂ ᠬᠥᠮᠦᠰ ᠤᠨ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ | ᠰᠣᠶᠣᠯ ᠤᠨ ᠣᠯᠠᠨ ᠡᠰᠢᠲᠦ ᠪᠠ ᠪᠠᠭᠲᠠᠭᠠᠮᠵᠢᠲᠠᠶ ᠪᠠᠶᠢᠬᠤ ᠶᠢ ᠬᠠᠷᠠᠭᠤᠯᠵᠠᠢ᠃ | ᠳᠠᠷᠠᠭ᠎ᠠ ᠨᠢ᠂ ᠲᠡᠦᠬᠡ ᠭᠡᠷᠡᠴᠢᠯᠡᠭᠴᠢ ᠪᠣᠯᠤᠨ ᠰᠣᠶᠣᠯ ᠤᠨ ᠤᠯᠠᠮᠵᠢᠯᠠᠯ— ᠲᠡᠦᠬᠡᠨ ᠬᠥᠮᠦᠰ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠲᠤᠬᠠᠢ ᠰᠤᠳᠤᠯᠭᠠᠨ ᠵᠢᠴᠢ ︽ ᠬᠤᠶᠠᠷ ᠡᠷᠭᠢ ᠶᠢᠨ ᠵᠢᠷᠭᠤᠭᠠᠨ ᠭᠠᠵᠠᠷ ᠣᠷᠣᠨ︾ ᠤ ᠬᠠᠮᠲᠤ ᠶᠢᠨ | ᠴᠣᠭᠴᠠ ᠶᠢᠨ ᠪᠠᠶᠢᠭᠤᠯᠣᠯᠲᠠ ᠶᠢᠨ ᠶᠠᠷᠢᠯᠴᠠᠬᠤ ᠬᠤᠷᠠᠯ ︽ᠬᠦᠲᠦᠯ ᠨᠣᠲᠤᠭ︾ ᠳᠤ ᠬᠤᠷᠠᠯᠳᠤᠵᠤ᠂ ᠣᠷᠣᠨ ᠪᠦᠰᠡ ᠠᠯᠤᠰᠯᠠᠨ ᠬᠠᠮᠲᠤ ᠪᠠᠷ ᠪᠠᠶᠢᠭᠤᠯᠵᠤ | ᠬᠤᠯᠪᠣᠭᠠᠯᠠᠨ ᠡᠭᠦᠳᠬᠦ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠤ ᠡᠷᠳᠡᠮ ᠰᠢᠨᠵᠢᠯᠡᠭᠡᠨ ᠤ ᠲᠤᠯᠭᠠᠭᠤᠷᠢᠯᠠᠯ ᠪᠣᠯᠤᠨ ᠦᠢᠯᠡᠳᠦᠯᠭᠡ ᠶᠢᠨ ᠠᠷᠭ᠎ᠠ ᠵᠠᠮ ᠢ ᠬᠠᠩᠭᠠᠪᠠ᠃ | ᠲᠣᠰ ᠤᠳᠠᠭᠠᠨ ᠤ ᠠᠵᠢᠯᠯᠠᠭᠠᠨ ᠳᠤ᠂ ᠰᠣᠶᠣᠯ ᠤᠨ ᠥᠪ ᠤᠨ ᠬᠠᠮᠠᠭᠠᠯᠠᠯᠲᠠ ᠶᠢ ᠴᠢᠩᠭᠠᠳᠬᠠᠵᠤ᠂ ᠰᠣᠶᠣᠯ ᠤᠨ ᠠᠵᠢᠯᠯᠠᠭ᠎ᠠ ᠶᠢᠨ ᠬᠡᠯᠪᠡᠷᠢ ᠶᠢᠨ ᠰᠢᠨ᠎ᠡ ᠶᠢ | ᠡᠭᠦᠳᠴᠦ᠂ ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠵᠤ᠂ ᠵᠢᠭᠤᠯᠴᠢᠯᠠᠭᠴᠢᠳ ᠲᠤ ᠪᠠᠶᠢᠭᠠᠯᠢ ᠶᠢᠨ ᠥᠩᠭᠡ ᠦᠵᠡᠮᠵᠢ ᠶᠢ ᠰᠣᠨᠢᠷᠬᠠᠬᠤ ᠶᠢᠨ ᠬᠠᠮᠲᠤ ᠤᠯᠠᠮᠵᠢᠯᠠᠯᠲᠤ ᠰᠣᠶᠣᠯ ᠤᠨ ᠥᠷᠭᠡᠨ | ᠳᠡᠯᠭᠡᠷ ᠭᠦᠨ ᠭᠦᠨᠵᠡᠭᠡᠢ ᠣᠶᠢᠯᠠᠭᠠᠯᠲᠠ ᠶᠢ ᠣᠯᠭᠤᠪᠠ᠃ ᠡᠨᠡ ᠨᠢ ᠵᠤᠭᠠᠴᠠᠯ ᠤᠨ ᠰᠣᠶᠣᠯ ᠤᠨ ᠠᠭᠤᠯᠤᠭᠳᠠᠬᠤᠨ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ | ᠪᠠᠰᠠ ᠰᠣᠶᠣᠯ ᠤᠨ ᠤᠯᠠᠮᠵᠢᠯᠠᠯ ᠪᠠ ᠰᠢᠨ᠎ᠡ ᠶᠢ ᠡᠭᠦᠳᠬᠦ ᠳᠤ ᠰᠢᠨ᠎ᠡ ᠠᠵᠠ ᠲᠣᠬᠢᠶᠠᠯ ᠬᠠᠩᠭᠠᠵᠤ᠂ ᠲᠡᠦᠬᠡ ᠰᠣᠶᠣᠯ ᠤᠨ ᠤᠯᠠᠮᠵᠢᠯᠠᠯᠲᠠ ᠪᠠ ᠴᠠᠭ ᠦᠶ᠎ᠡ ᠶᠢᠨ | ᠰᠢᠨ᠎ᠡ ᠶᠢ ᠡᠭᠦᠳᠬᠦ ᠶᠢᠨ ᠠᠭᠤᠰᠤᠯᠴᠠᠯ ᠢ ᠠᠬᠢᠭᠤᠯᠤᠭᠰᠠᠨ ᠪᠠᠶᠢᠨ᠎ᠠ᠃ | | | | |