| | | | 6 ᠰᠠᠷ᠎ᠠ ᠶᠢᠨ 19 ᠤ ᠡᠳᠦᠷ᠂ ᠴᠠᠭᠠᠨᠮᠥ᠋ᠷᠡᠨ ᠰᠤᠮᠤᠨ ᠤ ᠬᠤᠯᠤᠰᠤᠲᠤ ᠪᠣᠯᠣᠩ ᠭᠠᠴᠠᠭ᠎ᠠ ᠨᠠᠶᠢᠷ ᠡᠷᠭᠢᠯᠡᠪᠡ᠃ ᠲᠣᠰ ᠤᠳᠠᠭᠠᠨ ᠤ ᠠᠵᠢᠯᠯᠠᠭ᠎ᠠ ᠨᠢ | ᠤᠯᠠᠮᠵᠢᠯᠠᠯᠲᠤ ᠠᠷᠠᠳ ᠤᠨ ᠵᠠᠩ ᠳᠠᠳᠬᠠᠯ ᠢᠶᠠᠷ ᠬᠤᠯᠪᠣᠭᠠᠰᠤ ᠪᠣᠯᠭᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠤᠨ᠂ ᠲᠡᠷᠢᠭᠦᠨ ᠤ | ᠨᠡᠶᠢᠲᠡᠯᠢᠭ ᠵᠢᠱᠢᠶ᠎ᠡ ᠶᠢ ᠬᠥᠬᠢᠭᠦᠯᠦᠨ ᠰᠠᠶᠢᠰᠢᠶᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠳᠦᠷᠰᠦ ᠪᠠᠶᠢᠳᠠᠯ ᠢ ᠢᠯᠡᠷᠡᠭᠦᠯᠪᠡ᠃ | ᠠᠵᠢᠯᠯᠠᠭ᠎ᠠ ᠶᠢᠨ ᠳᠤᠮᠳᠠ᠂ ᠠᠵᠢᠯ ᠠᠴᠠ ᠪᠠᠨ ᠰᠠᠯᠵᠤ ᠠᠮᠠᠷᠠᠭᠰᠠᠨ ᠪᠠᠭᠰᠢ᠂ ᠬᠥᠳᠡᠯᠮᠦᠷᠢ ᠶᠢᠨ ᠵᠢᠱᠢᠶᠡᠴᠢ᠂ ᠬᠠᠮᠤᠭ ᠤᠨ ᠭᠤᠶᠤ ᠭᠡᠷ ᠪᠦᠯᠢ᠂ ᠰᠢᠯᠢᠳᠡᠭ | ᠠᠵᠤ ᠠᠬᠤᠶᠢᠯᠠᠯᠲᠠᠨ ᠵᠡᠷᠭᠡ 100 ᠭᠠᠷᠤᠢ ᠲᠡᠷᠢᠭᠦᠨ ᠤ ᠨᠡᠶᠢᠲᠡᠯᠢᠭ ᠵᠢᠱᠢᠶ᠎ᠡ ᠶᠢ ᠬᠥᠬᠢᠭᠦᠯᠦᠨ ᠰᠠᠶᠢᠰᠢᠶᠠᠵᠤ᠂ ᠥᠷᠭᠡᠨ ᠤᠯᠠᠨ ᠲᠦᠮᠡᠨ ᠤ ᠠᠵᠢᠯ ᠬᠢᠵᠦ ᠦᠢᠯᠡᠰ | ᠪᠤᠰᠬᠠᠬᠤ ᠬᠠᠯᠠᠭᠤᠨ ᠰᠡᠳᠬᠢᠯᠭᠡ ᠶᠢ ᠤᠯᠠᠮ ᠴᠢᠨᠠᠭᠰᠢᠳᠠ ᠬᠥᠭᠵᠢᠭᠡᠵᠦ᠂ ᠶᠣᠰᠣ ᠰᠤᠷᠲᠠᠬᠤᠨ ᠢ ᠳᠡᠭᠡᠳᠦᠯᠡᠨ ᠪᠤᠶᠠᠨ ᠦᠢᠯᠡᠳᠬᠦᠢ᠂ ᠡᠷᠳᠡᠮᠲᠡᠨ | ᠮᠡᠷᠭᠡᠳ ᠠᠴᠠ ᠲᠠᠭᠠᠨ ᠰᠤᠷᠤᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠪᠠ︔ ᠪᠥᠬᠡ ᠶᠢᠨ ᠤᠷᠤᠯᠳᠤᠭᠠᠨ ᠶᠠᠪᠤᠭᠤᠯᠵᠤ᠂ 128 ᠤᠷᠤᠯᠴᠠᠭᠴᠢ | ᠤᠯᠠᠮᠵᠢᠯᠠᠯᠲᠤ ᠪᠥᠬᠡ ᠶᠢᠨ ᠬᠤᠪᠴᠠᠰᠤ ᠵᠠᠰᠠᠯ ᠢᠶᠠᠨ ᠡᠮᠦᠰᠴᠦ᠂ ᠤᠷᠠᠢ ᠬᠠᠰᠬᠢᠷᠬᠤ ᠳᠠᠭᠤᠨ ᠳᠤᠮᠳᠠ ᠰᠢᠷᠦᠭᠦᠨ ᠥᠷᠢᠰᠥᠯᠳᠦᠭᠡᠨ ᠶᠠᠪᠤᠭᠤᠯᠵᠤ᠂ ᠮᠣᠩᠭᠤᠯ | ᠡᠷ᠎ᠡ ᠶᠢᠨ ᠬᠦᠴᠦᠨ ᠪᠣᠯᠤᠨ ᠭᠤᠸ᠎ᠠ ᠰᠠᠶᠢᠬᠠᠨ ᠢ ᠢᠯᠡᠷᠡᠭᠦᠯᠪᠡ︔ ᠤᠯᠠᠭᠠᠨᠮᠥ᠋ᠴᠢᠷ ᠤᠨ ᠲᠤᠭᠯᠠᠭᠴᠢ ᠵᠢᠴᠢ ᠠᠷᠠᠳ ᠤᠨ ᠳᠤᠮᠳᠠᠬᠢ ᠲᠣᠭᠯᠠᠭᠴᠢᠳ ᠤᠷᠠᠨ | ᠰᠠᠶᠢᠬᠠᠨ ᠤ ᠲᠤᠭᠯᠠᠯᠳᠠ ᠭᠠᠷᠭᠠᠵᠤ᠂ ᠤᠯᠠᠨ ᠲᠦᠮᠡᠨ ᠳᠤ ᠪᠠᠶᠠᠷ ᠪᠠᠶᠠᠰᠤᠯ ᠳᠤᠮᠳᠠ ᠪᠣᠳᠠᠰ ᠤᠨ ᠪᠤᠰᠤ ᠰᠣᠶᠣᠯ ᠤᠨ ᠥᠪ ᠤᠨ ᠭᠦᠨ ᠵᠤᠵᠠᠭᠠᠨ | ᠠᠭᠤᠯᠤᠭᠳᠠᠬᠤᠨ ᠢ ᠮᠡᠳᠡᠷᠡᠭᠦᠯᠪᠡ᠃ | ᠲᠣᠰ ᠤᠳᠠᠭᠠᠨ ᠤ ᠠᠵᠢᠯᠯᠠᠭ᠎ᠠ ᠨᠢ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠬᠠᠮᠠᠭᠠᠯᠠᠬᠤ ᠶᠠᠪᠤᠳᠠᠯ ᠪᠣᠯᠬᠤ ᠪᠠᠷ ᠪᠠᠷᠠᠬᠤ ᠥᠬᠡᠶ᠂ ᠨᠠᠩ ᠴᠤ | ᠴᠠᠭᠠᠨᠮᠥ᠋ᠷᠡᠨ ᠰᠤᠮᠤ ᠶᠢᠨ ᠬᠥᠳᠡᠭᠡ ᠲᠣᠰᠬᠤᠨ ᠤ ᠬᠡᠪ ᠰᠤᠷᠲᠠᠯ ᠤᠨ ᠪᠣᠯᠪᠠᠰᠤᠨ ᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ | ᠴᠢᠬᠤᠯᠠ ᠠᠷᠭ᠎ᠠ ᠬᠡᠮᠵᠢᠶ᠎ᠡ ᠪᠠᠶᠢᠵᠤ᠂ ᠥᠷᠭᠡᠨ ᠣᠯᠠᠨ ᠲᠦᠮᠡᠨ ᠤ ᠨᠢᠭᠲᠠᠷᠠᠯ ᠤᠨ ᠬᠦᠴᠦᠨ ᠪᠠ ᠲᠥᠪᠯᠡᠩᠭᠦᠶ ᠬᠦᠴᠦᠨ ᠢ ᠤᠯᠠᠮ ᠨᠢᠭᠡ ᠠᠯᠬᠤᠮ ᠴᠢᠩᠭᠠᠳᠬᠠᠵᠤ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠣᠶᠤᠨ ᠰᠠᠨᠠᠭᠠᠨ ᠤ ᠬᠥᠳᠡᠯᠭᠡᠬᠦ ᠬᠦᠴᠦᠨ ᠨᠡᠮᠡᠷᠢᠯᠡᠪᠡ᠃ |