ᠡᠪ ᠬᠠᠮᠲᠣ ᠵᠠᠯᠠᠭᠤᠴᠣᠳ ᠤᠨ ᠡᠪᠯᠡᠯ ᠤᠨ ᠪᠠᠭᠠᠷᠢᠨ ᠪᠠᠷᠠᠭᠤᠨ ᠬᠤᠰᠢᠭᠤᠨ ᠤ ᠬᠤᠷᠢᠶ᠎ᠠ ︽ᠭᠤᠷᠪᠠᠨ ᠭᠠᠵᠠᠷ ᠤᠨ ᠪᠠᠭᠠᠴᠤᠳ ᠭᠠᠷ ᠭᠠᠷ ᠢᠶᠠᠨ ᠬᠤᠯᠪᠣᠯᠴᠠᠨ ᠬᠤᠰᠢᠭᠤᠴᠢ ᠠᠩᠭᠢ ᠶᠢᠨ ᠲᠤᠭ ᠢ ᠥᠨᠳᠥᠷ ᠮᠠᠨᠳᠤᠭᠤᠯᠵᠤ ᠨᠠᠮ ᠢᠶᠠᠨ ᠳᠠᠭᠠᠬᠤ︾ ᠤᠯᠠᠭᠠᠨ ᠪᠥᠴᠡᠲᠡᠨ ᠤ ᠬᠠᠶᠢᠷ᠎ᠠ ᠰᠡᠳᠬᠢᠯᠭᠡ ᠠᠭᠤᠰᠤᠯᠴᠠᠭᠰᠠᠨ ᠰᠤᠳᠤᠯᠤᠨ ᠰᠤᠷᠤᠯᠴᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2025/6/23
     6 ᠰᠠᠷ᠎ᠠ ᠶᠢᠨ 21᠎ ᠤ ᠡᠳᠦᠷ᠂ ᠡᠪ ᠬᠠᠮᠲᠣ ᠵᠠᠯᠠᠭᠤᠴᠣᠳ ᠤᠨ ᠡᠪᠯᠡᠯ ᠤᠨ ᠪᠠᠭᠠᠷᠢᠨ ᠪᠠᠷᠠᠭᠤᠨ ᠬᠤᠰᠢᠭᠤᠨ ᠤ ᠬᠤᠷᠢᠶ᠎ᠠ ᠬᠤᠰᠢᠭᠤᠨ ᠤ ᠮᠦᠽᠧᠶ᠂ ᠡᠪ ᠬᠠᠮᠲᠣ ᠵᠠᠯᠠᠭᠤᠴᠣᠳ ᠤᠨ ᠡᠪᠯᠡᠯ ᠤᠨ ᠯᠢᠨᠰᠢ ᠰᠢᠶᠠᠨ ᠤ ᠬᠤᠷᠢᠶ᠎ᠠ᠂ ᠡᠪ ᠬᠠᠮᠲᠣ ᠵᠠᠯᠠᠭᠤᠴᠣᠳ ᠤᠨ ᠡᠪᠯᠡᠯ ᠤᠨ ᠬᠡᠰᠢᠭᠲᠡᠨ ᠬᠤᠰᠢᠭᠤᠨ ᠤ ᠬᠤᠷᠢᠶ᠎ᠠ  ︽ᠭᠤᠷᠪᠠᠨ ᠭᠠᠵᠠᠷ ᠤᠨ ᠪᠠᠭᠠᠴᠤᠳ ᠭᠠᠷ ᠭᠠᠷ ᠢᠶᠠᠨ ᠬᠤᠯᠪᠣᠯᠴᠠᠨ ᠬᠤᠰᠢᠭᠤᠴᠢ ᠠᠩᠭᠢ ᠶᠢᠨ ᠲᠤᠭ ᠢ ᠥᠨᠳᠥᠷ ᠮᠠᠨᠳᠤᠭᠤᠯᠵᠤ ᠨᠠᠮ ᠢᠶᠠᠨ ᠳᠠᠭᠠᠬᠤ︾ ᠤᠯᠠᠭᠠᠨ ᠪᠥᠴᠡᠲᠡᠨ ᠤ ᠬᠠᠶᠢᠷ᠎ᠠ ᠰᠡᠳᠬᠢᠯ ᠠᠭᠤᠰᠤᠯᠴᠠᠭᠰᠠᠨ ᠰᠤᠳᠤᠯᠤᠨ ᠰᠤᠷᠤᠯᠴᠠᠬᠤ ᠠᠵᠢᠯᠯᠠᠭ᠎ᠠ ᠥᠷᠨᠢᠭᠦᠯᠪᠡ᠃ ᠪᠠᠭᠠᠷᠢᠨ ᠪᠠᠷᠠᠭᠤᠨ ᠬᠤᠰᠢᠭᠤ᠂ ᠯᠢᠨᠰᠢ ᠰᠢᠶᠠᠨ᠂ ᠬᠡᠰᠢᠭᠲᠡᠨ ᠬᠤᠰᠢᠭᠤ ᠭᠤᠷᠪᠠᠨ ᠭᠠᠵᠠᠷ ᠤᠨ 70 ᠭᠠᠷᠤᠶ ᠵᠠᠯᠠᠭᠤᠴᠤᠳ ᠪᠠᠭᠠᠴᠤᠳ ᠣᠷᠣᠯᠴᠠᠵᠠᠶ᠃      ᠰᠤᠳᠤᠯᠤᠨ ᠰᠤᠷᠤᠯᠴᠠᠬᠤ ᠠᠵᠢᠯᠯᠠᠭ᠎ᠠ ᠳᠤᠮᠳᠠ᠂ ᠴᠠᠭᠠᠨᠮᠥ᠋ᠷᠡᠨ ᠰᠤᠮᠤ ᠶᠢᠨ ᠬᠦᠲᠦᠯ ᠭᠠᠴᠠᠭ᠎ᠠ ᠳᠤ᠂ ᠡᠯ᠎ᠡ ᠦᠨᠳᠦᠰᠦᠲᠡᠨ ᠤ ᠵᠠᠯᠠᠭᠤᠴᠤᠳ ᠪᠠᠭᠠᠴᠤᠳ ᠲᠠᠯ᠎ᠠ ᠨᠤᠲᠤᠭ ᠤᠨ ᠪᠤᠳᠠᠰ ᠤᠨ ᠪᠤᠰᠤ ᠰᠤᠶᠤᠯ ᠤᠨ ᠥᠪ ᠤᠨ ᠪᠡᠶᠡᠴᠢᠯᠡᠨ ᠦᠢᠯᠠᠭᠠᠬᠤ ᠲᠣᠭᠤᠷᠢᠭ ᠲᠤ ᠬᠦᠷᠴᠦ᠂ ᠴᠠᠭᠠᠨ ᠢᠳᠡᠭᠡ ᠠᠮᠲᠠᠯᠠᠵᠤ᠂ ᠤᠯᠠᠮᠵᠢᠯᠠᠯᠲᠤ ᠬᠤᠪᠴᠠᠰᠤ ᠵᠠᠰᠠᠯ ᠢ ᠲᠤᠷᠰᠢᠨ ᠡᠮᠦᠰᠴᠦ᠂ ᠰᠤᠷ ᠬᠠᠷᠪᠤᠬᠤ᠂ ᠪᠥᠬᠡ ᠪᠠᠷᠢᠯᠳᠤᠬᠤ᠂ ᠮᠣᠷᠢᠨ ᠲᠡᠷᠭᠡ ᠪᠠᠷ ᠠᠶᠠᠯᠠᠬᠤ ᠵᠡᠷᠭᠡ ᠶᠢ ᠪᠡᠶᠡᠴᠢᠯᠡᠨ ᠣᠶᠢᠯᠠᠭᠠᠪᠠ︔ ᠰᠢᠪᠠᠷᠲᠠᠢ ᠳᠠᠬᠢ ᠸᠠᠩ ᠤᠨ ᠣᠷᠳᠣᠨ ᠪᠣᠯᠤᠨ ᠭᠡᠰᠡᠷ ᠰᠦᠮ᠎ᠡ ᠶᠢ ᠲᠤᠭᠤᠷᠢᠨ ᠦᠵᠡᠵᠦ᠂ ᠤᠯᠠᠨ ᠦᠨᠳᠦᠰᠦᠲᠡᠨ ᠤ ᠰᠣᠶᠣᠯ ᠤᠨ ᠠᠭᠤᠰᠤᠯᠴᠠᠯ ᠤᠨ ᠲᠡᠦᠬᠡ ᠶᠢ ᠣᠶᠢᠯᠠᠭᠠᠪᠠ᠃ ᠰᠠᠶᠢᠬᠠᠨ ᠬᠠᠨ ᠠᠭᠤᠯᠠ ᠶᠢᠨ ᠪᠠᠶᠢᠭᠠᠯᠢ ᠶᠢᠨ ᠮᠦᠽᠧᠢ ᠳᠤ᠂ ᠦᠯᠢᠭᠡᠷ ᠬᠡᠪ ᠪᠣᠯᠤᠨ ᠬᠠᠷᠢᠯᠴᠠᠨ ᠬᠥᠳᠡᠯᠦᠯᠴᠡᠬᠦ ᠳᠡᠯᠭᠡᠴᠡ ᠪᠠᠷ ᠳᠠᠮᠵᠢᠭᠤᠯᠤᠨ ᠠᠮᠢ ᠠᠬᠤᠢ ᠶᠢᠨ ᠮᠡᠳᠡᠯᠭᠡ ᠶᠢ ᠰᠤᠷᠤᠯᠴᠠᠵᠤ᠂ ᠬᠥᠮᠦᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠠᠮᠢ ᠠᠬᠤᠢ ᠶᠢᠨ ᠣᠶᠢᠯᠠᠭᠠᠭᠳᠠᠬᠤᠨ ᠢ ᠪᠤᠢ ᠪᠤᠯᠭᠠᠪᠠ︔ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠥ ᠴᠤᠭᠴᠠᠯᠠᠬᠤ ᠬᠥᠮᠦᠵᠢᠯ ᠦᠢᠯᠡᠳᠦᠯᠭᠡ ᠶᠢᠨ ᠰᠠᠭᠤᠷᠢᠨ ᠳᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠲᠣᠭᠤᠷᠢᠨ ᠦᠵᠡᠵᠦ᠂ ︽ᠳᠤᠮᠳᠠᠳᠤ ᠶᠢᠨ ᠦᠨᠳᠦᠰᠦᠲᠡᠨ ᠨᠢᠭᠡ ᠭᠡᠷ ᠪᠦᠯᠢ︾᠎ ᠶᠢᠨ ᠰᠡᠳᠬᠢᠯᠭᠡ ᠶᠢᠨ ᠮᠡᠳᠡᠷᠡᠮᠵᠢ ᠶᠢ ᠭᠦᠨᠵᠡᠭᠡᠶᠢᠷᠡᠭᠦᠯᠪᠡ︔ ᠬᠤᠰᠢᠭᠤᠨ ᠤ ᠮᠦᠽᠧᠢ ᠳᠤ ᠨᠤᠮᠤ ᠲᠡᠯᠡᠵᠦ ᠮᠣᠳᠣᠨ ᠲᠠᠤᠯᠠᠢ ᠬᠠᠷᠪᠤᠬᠤ ᠳᠤ ᠣᠷᠣᠯᠴᠠᠵᠤ᠂ ᠬᠠᠮᠵᠢᠯᠴᠠᠬᠤ ᠳᠤᠮᠳᠠ ᠪᠦᠯᠬᠦᠮ ᠤᠨ ᠵᠣᠷᠢᠭ ᠰᠠᠨᠠᠭ᠎ᠠ ᠶᠢ ᠨᠢᠭᠲᠠᠷᠠᠭᠤᠯᠪᠠ᠃ ᠲᠤᠰ ᠤᠳᠠᠭᠠᠨ ᠤ ᠠᠵᠢᠯᠯᠠᠭᠠᠨ ᠨᠢ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ ᠲᠠᠪᠴᠠᠩ ᠪᠣᠯᠬᠤ ᠪᠠᠷ ᠪᠠᠷᠠᠬᠤ ᠦᠭᠡᠢ᠂ ᠨᠡᠩ ᠴᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠮᠢᠳᠤᠯᠢᠭ ᠦᠢᠯᠡᠳᠦᠯᠭᠡ ᠪᠣᠯᠤᠨ᠎ᠠ᠃      ᠲᠠᠷᠠᠭᠠᠴᠢ ᠶᠢᠨ ᠠᠯᠬᠤᠮ ᠳᠤ᠂  ᠡᠪ ᠬᠠᠮᠲᠣ ᠵᠠᠯᠠᠭᠤᠴᠣᠳ ᠤᠨ ᠡᠪᠯᠡᠯ ᠤᠨ ᠪᠠᠭᠠᠷᠢᠨ ᠪᠠᠷᠠᠭᠤᠨ ᠬᠤᠰᠢᠭᠤᠨ ᠤ ᠬᠤᠷᠢᠶ᠎ᠠ ᠲᠣᠰ ᠤᠳᠠᠭᠠᠨ ᠤ ᠰᠤᠳᠤᠯᠤᠨ ᠰᠤᠷᠤᠯᠴᠠᠬᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ︽ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠰᠣᠯᠢᠯᠴᠠᠭᠠᠨ ᠤ ᠲᠥᠯᠥᠪᠯᠡᠭᠡ︾᠎ ᠶᠢ ᠦᠷᠭᠦᠯᠵᠢᠯᠡᠨ ᠬᠦᠴᠦᠯᠡᠨ ᠭᠦᠨᠵᠡᠭᠡᠶᠢᠷᠡᠭᠦᠯᠵᠦ᠂ ᠨᠡᠶᠢᠭᠡᠮ ᠤᠨ ᠡᠬᠢ ᠪᠠᠶᠠᠯᠢᠭ ᠢ ᠢᠳᠡᠪᠬᠢᠲᠡᠶ ᠡᠮᠬᠢᠯᠡᠨ ᠨᠡᠶᠢᠯᠡᠭᠦᠯᠵᠦ᠂ ᠠᠵᠢᠯᠯᠠᠭ᠎ᠠ ᠶᠢᠨ ᠠᠷᠭ᠎ᠠ ᠵᠠᠮ ᠢ ᠥᠷᠭᠡᠳᠬᠡᠨ᠂ ᠠᠵᠢᠯᠯᠠᠭᠠᠨ ᠤ ᠠᠴᠢᠶᠠᠯᠠᠪᠤᠷᠢ ᠶᠢ ᠪᠠᠶᠠᠯᠢᠭᠵᠢᠭᠤᠯᠵᠤ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠪᠥᠬᠦ ᠲᠠᠯ᠎ᠠ ᠪᠠᠷ᠂ ᠣᠯᠠᠨ ᠲᠠᠰ ᠳᠠᠪᠬᠤᠷᠭ᠎ᠠ ᠪᠠᠷ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠢ ᠠᠬᠢᠭᠤᠯᠬᠤ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠨ᠎ᠡ᠃
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ