ᠪᠥᠬᠦ ᠬᠤᠰᠢᠭᠤᠨ ᠤ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2025/6/23
      6 ᠰᠠᠷ᠎ᠠ ᠶᠢᠨ 20᠎ ᠤ ᠡᠳᠦᠷ ᠤᠨ ᠦᠳᠡ ᠶᠢᠨ ᠡᠮᠦᠨ᠎ᠡ᠂ ᠪᠥᠬᠦ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠬᠡᠨ ᠤ ᠪᠠᠲᠤᠯᠠᠭ᠎ᠠ ᠶᠢᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠡᠷᠬᠢᠯᠡᠪᠡ᠃ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ ᠪᠣᠯᠤᠨ ᠪᠥᠬᠦ ᠺᠠᠳ᠋ᠷ ᠠᠵᠢᠯᠲᠠᠨ᠂ ᠡᠯ᠎ᠡ ᠰᠤᠮᠤ ᠪᠠᠯᠭᠠᠰᠤ ᠵᠡᠭᠡᠯᠢ ᠭᠤᠳᠤᠮᠵᠢ ᠶᠢᠨ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ ᠶᠢᠨ ᠳᠡᠳ᠋ ᠳᠠᠷᠤᠭ᠎ᠠ ᠪᠣᠯᠤᠨ ᠠᠵᠢᠯᠲᠠᠳ ᠲᠣᠰ ᠤᠳᠠᠭᠠᠨ ᠤ ᠪᠣᠯᠪᠠᠰᠤᠷᠠᠯ ᠳᠤ ᠣᠷᠣᠯᠴᠠᠪᠠ᠃     ᠪᠣᠯᠪᠠᠰᠤᠷᠠᠯ ᠳᠤ᠂ ᠳᠣᠣᠷ᠎ᠠ ᠬᠠᠭᠠᠰ ᠵᠢᠯ ᠤᠨ ᠠᠵᠢᠯ ᠤᠨ ᠡᠭᠦᠷᠭᠡ ᠶᠢ ᠰᠢᠰᠲ᠋ᠧᠮ ᠲᠠᠢ ᠪᠠᠶᠢᠷᠢᠯᠠᠭᠤᠯᠪᠠ︔ ᠲᠤᠬᠠᠶᠢᠯᠠᠭᠰᠠᠨ ᠠᠵᠢᠯ ᠤᠨ ᠲᠤᠰᠬᠠᠶ ᠰᠡᠳᠦᠪᠲᠦ ᠪᠣᠯᠪᠠᠰᠤᠷᠠᠭᠤᠯᠤᠯ ᠤᠨ ᠭᠤᠭᠴᠤᠭ᠎ᠠ ᠳᠤ᠂ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠶᠢᠨ ᠲᠤᠬᠠᠶᠢᠯᠠᠭᠰᠠᠨ ᠠᠵᠢᠯ ᠤᠨ ᠭᠤᠤᠯᠯᠠᠭᠴᠢ ᠠᠴᠠ ᠠᠰᠠᠷᠠᠨ ᠬᠠᠷᠠᠭᠠᠯᠵᠠᠬᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠠᠵᠢᠯ ᠣᠯᠭᠤᠬᠤ ᠠᠳᠠᠯ ᠦᠢᠯᠡᠰ ᠴᠣᠭᠴᠠᠯᠠᠬᠤ ᠶᠢ ᠲᠡᠳᠬᠦᠬᠦ᠂ ᠬᠤᠶᠠᠷ ᠢ ᠬᠦᠷᠢᠶᠡᠯᠡᠬᠦ ᠠᠵᠢᠯ ᠢ ᠨᠠᠶᠢᠳᠠᠪᠤᠷᠢᠵᠢᠭᠤᠯᠬᠤ ᠵᠡᠷᠭᠡ ᠠᠭᠤᠯᠭ᠎ᠠ ᠶᠢᠨ ᠲᠣᠭᠤᠷᠢᠨ ᠳᠤ ᠨᠠᠷᠢᠨ ᠲᠠᠶᠢᠯᠤᠮᠵᠢ ᠬᠢᠵᠦ᠂ ᠪᠣᠯᠪᠠᠰᠤᠷᠠᠯ ᠳᠤ ᠣᠷᠣᠯᠴᠠᠭᠰᠠᠳ ᠢ ᠬᠠᠪᠰᠤᠷᠤᠨ ᠲᠥᠷᠥ ᠶᠢᠨ ᠪᠣᠳᠣᠯᠭ᠎ᠠ ᠶᠢᠨ ᠭᠤᠤᠯᠳᠠᠯᠭ᠎ᠠ ᠶᠢ ᠡᠵᠡᠮᠰᠢᠭᠦᠯᠵᠦ᠂ ᠦᠢᠯᠡᠴᠢᠯᠡᠭᠡᠨ ᠤ ᠤᠷ᠎ᠠ ᠴᠢᠳᠠᠪᠤᠷᠢ ᠶᠢ ᠳᠡᠭᠡᠭᠰᠢᠯᠡᠭᠦᠯᠪᠡ︔ ᠶᠠᠷᠢᠯᠴᠠᠨ ᠰᠣᠯᠢᠯᠴᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠬᠤᠷᠠᠯ ᠳᠤ ᠣᠷᠣᠯᠴᠠᠭᠰᠠᠳ ᠲᠣᠰ ᠭᠠᠵᠠᠷ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠠᠵᠢᠯ ᠤᠨ ᠳᠤᠮᠳᠠ ᠲᠤᠯᠭᠠᠷᠠᠭᠰᠠᠨ ᠬᠦᠴᠢᠷ ᠠᠰᠠᠭᠤᠳᠠᠯ ᠤᠨ ᠲᠤᠬᠠᠶ ᠭᠦᠨᠵᠡᠭᠡᠶ ᠰᠤᠳᠤᠯᠤᠨ ᠶᠠᠷᠢᠯᠴᠠᠵᠤ᠂ ᠠᠵᠢᠯ ᠤᠨ ᠰᠡᠳᠬᠢᠴᠡ ᠪᠠᠨ ᠤᠯᠠᠮ ᠨᠢᠭᠡ ᠠᠯᠬᠤᠮ ᠥᠷᠭᠡᠳᠬᠡᠵᠦ ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠬᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠢᠲᠡᠭᠡᠯ ᠵᠣᠷᠢᠭ ᠢ ᠨᠢ ᠨᠡᠮᠡᠭᠳᠡᠭᠦᠯᠪᠡ᠃     ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠲᠣᠰ ᠤᠳᠠᠭᠠᠨ ᠤ ᠪᠣᠯᠪᠠᠰᠤᠷᠠᠯ ᠢᠶᠠᠷ ᠠᠵᠠ ᠲᠣᠬᠢᠶᠠᠯ ᠪᠣᠯᠭᠠᠵᠤ᠂ ᠡᠩᠨᠡᠭᠡᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠴᠡᠷᠢᠭ ᠠᠴᠠ ᠬᠠᠯᠠᠭᠳᠠᠭᠰᠠᠳ ᠲᠤ ᠨᠠᠩ ᠴᠢᠨᠠᠷ ᠰᠠᠶᠢᠲᠠᠶ᠂ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠵᠤ᠂ ᠪᠥᠬᠦ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ᠃
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ