ᠪᠠᠭᠠᠷᠢᠨ ᠪᠠᠷᠠᠭᠤᠨ ᠬᠤᠰᠢᠭᠤᠨ ᠤ ︽ᠠᠷᠪᠠᠨ ᠲᠠᠪᠤᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠬᠦᠲᠦᠯᠪᠤᠷᠢ ᠶᠢ ᠨᠠᠶᠢᠷᠠᠭᠤᠯᠤᠨ ᠲᠤᠭᠳᠠᠭᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/6/25
     6 ᠰᠠᠷ᠎ᠠ ᠶᠢᠨ 24᠎ ᠤ ᠡᠳᠦᠷ᠂ ᠬᠤᠰᠢᠭᠤᠨ ᠤ ᠨᠠᠮ ᠤᠨ ᠬᠤᠷᠢᠶ᠎ᠡ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠯᠸᠢ ᠪᠠᠭᠠᠷᠢᠨ ᠪᠠᠷᠠᠭᠤᠨ ᠬᠤᠰᠢᠭᠤᠨ ᠤ ︽ᠠᠷᠪᠠᠨ ᠲᠠᠪᠤᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠬᠥᠲᠥᠯᠪᠦᠷᠢ ᠶᠢ ᠨᠠᠶᠢᠷᠠᠭᠤᠯᠤᠨ ᠲᠤᠭᠳᠠᠭᠠᠬᠤ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠨᠢᠭᠡᠴᠡ᠂ ᠡᠯ᠎ᠡ ᠰᠤᠮᠤ ᠪᠠᠯᠭᠠᠰᠤ ᠵᠡᠭᠡᠯᠢ ᠭᠤᠳᠤᠮᠵᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃     ᠬᠤᠷᠠᠯ ᠠᠴᠠ ᠴᠢᠬᠤᠯᠠᠴᠢᠯᠠᠭᠰᠠᠨ ᠨᠢ᠂ ᠲᠥᠯᠥᠪᠵᠢᠭᠦᠯᠭᠡ ᠶᠢ ᠨᠠᠶᠢᠷᠠᠭᠤᠯᠤᠨ ᠲᠤᠭᠳᠠᠭᠠᠬᠤ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠮᠠᠨ ᠤ ᠬᠤᠰᠢᠭᠤᠨ ᠤ ︽ᠠᠷᠪᠠᠨ ᠲᠠᠪᠤᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠰᠠᠶᠢᠲᠤᠷ ᠨᠠᠶᠢᠷᠠᠭᠤᠯᠤᠨ ᠲᠤᠭᠳᠠᠭᠠᠵᠤ᠂ ᠤᠯᠤᠰ ᠤᠨ ᠬᠡᠷᠡᠭᠴᠡᠭᠡ᠂ ᠣᠷᠣᠨ ᠨᠤᠲᠤᠭ ᠤᠨ ᠴᠢᠳᠠᠪᠤᠷᠢ᠂ ᠣᠯᠠᠨ ᠲᠦᠮᠡᠨ ᠤ ᠬᠦᠰᠡᠯ ᠡᠷᠡᠮᠡᠯᠵᠡᠯ ᠲᠠᠢ ᠨᠢᠭᠲᠠ ᠤᠶᠠᠯᠳᠤᠭᠤᠯᠵᠤ᠂ ᠲᠥᠯᠥᠪᠵᠢᠭᠦᠯᠭᠡ ᠶᠢ ᠲᠥᠪ ᠤᠨ ᠱᠠᠭᠠᠷᠳᠠᠯᠭ᠎ᠠ ᠲᠠᠢ ᠵᠡᠷᠭᠡᠪᠡᠷ ᠠᠬᠢᠭᠤᠯᠬᠤ ᠶᠢ ᠪᠠᠲᠤᠯᠠᠬᠤ ᠬᠡᠷᠡᠭᠲᠡᠶ᠃ ᠲᠥᠯᠥᠪᠵᠢᠭᠦᠯᠭᠡ ᠶᠢᠨ ᠰᠢᠨᠵᠢᠯᠡᠬᠦ ᠤᠬᠠᠭᠠᠨᠴᠢ ᠴᠢᠨᠠᠷ ᠪᠠ ᠪᠠᠷᠠᠭᠠᠯᠬᠢᠯᠠᠯᠳᠤ ᠴᠢᠨᠠᠷ ᠢ ᠳᠡᠭᠡᠭᠰᠢᠯᠡᠭᠦᠯᠵᠦ᠂ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠣᠳᠠᠲᠤ ᠪᠠᠶᠢᠳᠠᠯ ᠳᠤ ᠰᠠᠭᠤᠷᠢᠯᠠᠨ᠂ ᠨᠠᠩ ᠣᠯᠠᠨ ᠢᠨᠵᠧᠨᠧᠷᠢᠩ ᠤᠨ ᠲᠥᠷᠥᠯ ᠵᠦᠢᠯ᠂ ᠪᠠᠶᠢᠯᠳᠤᠬᠤ ᠪᠣᠳᠣᠯᠭ᠎ᠠ ᠶᠢᠨ ᠡᠭᠦᠷᠭᠡ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠳᠡᠭᠡᠳᠦ ᠱᠠᠲᠤᠨ ᠤ ᠲᠥᠯᠥᠪᠵᠢᠭᠦᠯᠭᠡ ᠳᠤ ᠣᠷᠣᠭᠤᠯᠬᠤ ᠪᠠᠷ ᠴᠢᠷᠮᠠᠶᠢᠵᠤ᠂ ᠮᠠᠨ ᠤ ᠬᠤᠰᠢᠭᠤᠨ ᠤ ︽ᠠᠷᠪᠠᠨ ᠲᠠᠪᠤᠳᠤᠭᠠᠷ ᠲᠠᠪᠤᠨ ᠵᠢᠯ︾᠎ ᠤᠨ ᠬᠥᠭᠵᠢᠯᠲᠡ ᠳᠤ ᠣᠷᠣᠨ ᠵᠠᠶ ᠪᠠ ᠰᠠᠨᠠᠭᠠᠴᠢᠯᠠᠭᠠᠲᠤ ᠡᠷᠬᠡ ᠶᠢ ᠲᠡᠮᠡᠴᠡᠨ ᠤᠯᠬᠤ ᠬᠡᠷᠡᠭᠲᠡᠶ᠃ ᠲᠥᠯᠥᠪᠵᠢᠭᠦᠯᠭᠡ ᠶᠢ ᠨᠠᠶᠢᠷᠠᠭᠤᠯᠤᠨ ᠲᠤᠭᠳᠠᠭᠠᠬᠤ ᠳᠤ ᠪᠣᠳᠠᠲᠠᠶ ᠶᠢ ᠡᠷᠬᠢᠮᠯᠡᠭᠰᠡᠨ ᠥᠨᠳᠥᠷ ᠪᠦᠲᠦᠮᠵᠢᠲᠡᠶ ᠪᠠᠶᠢᠬᠤ ᠶᠢ ᠦᠨᠡᠨᠬᠦ ᠪᠠᠲᠤᠯᠠᠵᠤ᠂ ᠡᠯ᠎ᠡ ᠰᠠᠯᠠᠭ᠎ᠠ ᠮᠥᠴᠢᠷ ᠡᠯ᠎ᠡ ᠭᠠᠵᠠᠷ ᠣᠷᠣᠨ ᠤ ᠬᠢᠨ ᠲᠥᠯᠥᠪᠵᠢᠭᠦᠯᠭᠡ ᠶᠢ ᠨᠠᠶᠢᠷᠠᠭᠤᠯᠤᠨ ᠲᠤᠭᠳᠠᠭᠠᠬᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠲᠠᠢ ᠨᠢᠭᠲᠠ ᠬᠠᠮᠵᠢᠯᠴᠠᠨ᠂ ᠲᠣᠰ ᠲᠣᠰ ᠤᠨ ᠬᠠᠷᠢᠭᠤᠴᠠᠯᠭ᠎ᠠ ᠪᠠᠨ ᠡᠭᠦᠷᠭᠡᠯᠡᠵᠦ᠂ ᠡᠭᠦᠳᠡ ᠪᠠᠨ ᠨᠡᠭᠡᠭᠡᠵᠦ ᠲᠥᠷᠥ ᠶᠢᠨ ᠪᠣᠳᠣᠯᠭ᠎ᠠ ᠠᠰᠠᠭᠤᠬᠤ ᠶᠢ ᠪᠠᠷᠢᠮᠲᠠᠯᠠᠨ᠂ ᠠᠷᠠᠳ ᠤᠨ ᠤᠶᠤᠨ ᠤᠬᠠᠭᠠᠨ ᠢ ᠥᠷᠭᠡᠨ ᠢᠶᠠᠷ ᠬᠡᠷᠡᠭᠯᠡᠵᠦ᠂ ᠡᠯ᠎ᠡ ᠵᠦᠢᠯ ᠤᠨ ᠠᠵᠢᠯ ᠢᠶᠠᠨ ᠴᠠᠭ ᠲᠤᠬᠠᠶ ᠳᠤᠨᠢ ᠴᠢᠨᠠᠷ ᠢ ᠪᠠᠲᠤᠯᠠᠨ ᠠᠬᠢᠭᠤᠯᠵᠤ᠂ ︽ᠠᠷᠪᠠᠨ ᠲᠠᠪᠤᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠶᠢ ᠨᠠᠶᠢᠷᠠᠭᠤᠯᠤᠨ ᠲᠤᠭᠳᠠᠭᠠᠬᠤ ᠠᠵᠢᠯ ᠤᠨ ᠤᠷᠤᠭᠰᠢᠲᠠᠶ ᠪᠡᠶᠡᠯᠡᠭᠳᠡᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠵᠠᠢ᠃     ᠬᠤᠷᠠᠯ ᠳᠡᠭᠡᠷ᠎ᠡ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠠᠴᠠ ︽ᠠᠷᠪᠠᠨ ᠲᠠᠪᠤᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠶᠢ ᠨᠠᠶᠢᠷᠠᠭᠤᠯᠤᠨ ᠲᠤᠭᠳᠠᠭᠠᠬᠤ ᠵᠢᠴᠢ ᠭᠤᠤᠯᠳᠠᠯᠭ᠎ᠠ ᠲᠠᠢ ᠲᠥᠷᠥᠯ ᠵᠦᠢᠯ ᠤᠨ ᠲᠥᠯᠥᠪᠵᠢᠭᠦᠯᠭᠡ ᠶᠢ ᠲᠤᠰᠬᠠᠶ ᠰᠡᠳᠦᠪ ᠢᠶᠠᠷ ᠬᠠᠪᠰᠤᠷᠤᠨ ᠵᠢᠯᠣᠭᠤᠳᠪᠠ᠃
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ