ᠰᠢᠷᠠᠮᠦ᠋ᠷᠡᠨ ᠰᠤᠮᠤᠨ ᠤ ᠶᠡᠬᠡᠨᠠᠭᠤᠷ ᠭᠠᠴᠠᠭ᠎ᠠ ᠬᠤᠶᠠᠳᠤᠭᠠᠷ ᠬᠤᠭᠤᠴᠠᠭᠠᠨ ᠤ ᠮᠤᠷᠢᠨ ᠤᠷᠤᠯᠳᠤᠭᠠᠨ ᠡᠷᠬᠢᠯᠡᠪᠡ
ᠨᠡᠶᠢᠲᠡᠯᠡᠭᠰᠡᠨ ᠴᠠᠭ᠄
2025/6/25
        6 ᠰᠠᠷ᠎ᠠ ᠶᠢᠨ 23᠎ ᠤ ᠡᠳᠦᠷ᠂ ᠰᠢᠷᠠᠮᠦ᠋ᠷᠡᠨ ᠰᠤᠮᠤᠨ ᠤ ᠶᠡᠬᠡᠨᠠᠭᠤᠷ ᠭᠠᠴᠠᠭ᠎ᠠ ᠬᠤᠶᠠᠳᠤᠭᠠᠷ ᠬᠤᠭᠤᠴᠠᠭᠠᠨ ᠤ ᠮᠤᠷᠢᠨ ᠤᠷᠤᠯᠳᠤᠭᠠᠨ ᠡᠷᠬᠢᠯᠡᠪᠡ᠃ ᠵᠡᠭᠦᠨ ᠦᠵᠦᠮᠦᠴᠢᠨ ᠬᠤᠰᠢᠭᠤ᠂ ᠪᠠᠷᠠᠭᠤᠨ ᠦᠵᠦᠮᠦᠴᠢᠨ ᠬᠤᠰᠢᠭᠤ᠂ ᠠᠷᠤ ᠬᠤᠷᠴᠢᠨ ᠬᠤᠰᠢᠭᠤ ᠵᠢᠴᠢ ᠪᠠᠭᠠᠷᠢᠨ ᠪᠠᠷᠠᠭᠤᠨ ᠬᠤᠰᠢᠭᠤᠨ ᠤ ᠤᠨᠤᠭᠠᠴᠢᠳ ᠠᠳᠡ ᠴᠤᠭᠯᠠᠷᠠᠨ᠂ ᠡᠨᠡ ᠤᠳᠠᠭᠠᠨ ᠤ ᠬᠤᠷᠳᠤᠴᠠ ᠪᠠ ᠣᠷᠭᠢᠯᠤᠮ᠎ᠠ ᠰᠡᠳᠬᠢᠯᠭᠡ ᠠᠭᠤᠰᠤᠯᠴᠠᠭᠰᠠᠨ ᠲᠠᠯ᠎ᠠ ᠨᠤᠲᠤᠭ ᠤᠨ ᠦᠪᠡᠳᠡᠭᠰᠢ ᠴᠤᠭᠯᠠᠭᠠᠨ ᠳᠤ ᠬᠠᠮᠲᠤ ᠪᠠᠷ ᠣᠷᠣᠯᠴᠠᠪᠠ᠃       ᠤᠷᠤᠯᠳᠤᠭᠠᠨ ᠨᠢ ᠮᠤᠷᠢᠨ ᠤ ᠤᠨᠴᠠᠯᠢᠭ ᠢᠶᠠᠷ 1.4 ᠮᠧᠲᠷ ᠠᠴᠠ ᠲᠤᠷᠤᠭᠰᠢ ᠮᠤᠩᠭᠤᠯ ᠮᠤᠷᠢᠨ ᠤ ᠲᠤᠭᠤᠶᠢᠯᠠᠩ᠂ ᠢᠳᠡ ᠬᠦᠴᠦ ᠬᠤᠤᠰᠯᠠᠭᠰᠠᠨ ᠡᠬᠦᠯᠳᠡᠷ ᠤᠨ ᠮᠤᠷᠢᠨ ᠤ ᠲᠤᠭᠤᠶᠢᠯᠠᠩ᠂ 3 ᠨᠠᠰᠤᠳᠠᠢ ᠪᠠ 4 ᠨᠠᠰᠤᠲᠠᠢ ᠮᠤᠷᠢᠨ ᠤ ᠬᠤᠯᠢᠯᠳᠤᠭᠰᠠᠨ  ᠲᠤᠭᠤᠶᠢᠯᠠᠩ᠂ 2 ᠨᠠᠰᠤᠳᠠᠢ ᠮᠤᠷᠢᠨ ᠤ ᠳᠤᠭᠤᠶᠢᠯᠠᠩ ᠲᠦᠷᠪᠡᠨ ᠳᠤᠭᠤᠶᠢᠯᠠᠩ ᠬᠤᠪᠢᠶᠠᠪᠠ᠃ ᠤᠷᠤᠯᠳᠤᠭᠠᠨ ᠤ ᠲᠠᠯᠠᠪᠤᠷ ᠲᠤ᠂ ᠮᠣᠷᠢᠳ ᠤᠳ ᠡᠷᠡᠯᠬᠡᠭᠯᠡᠨ ᠤᠷᠤᠭᠰᠢᠯᠠᠵᠤ᠂ ᠮᠠᠯᠴᠢᠨ ᠲᠠᠷᠢᠶᠠᠴᠢᠨ ᠤ ᠮᠠᠭᠲᠠᠭᠠᠯ ᠰᠠᠶᠢᠰᠢᠶᠠᠯ ᠢ ᠤᠯᠪᠠ᠃       ᠲᠣᠰ ᠬᠤᠭᠤᠴᠠᠭᠠᠨ ᠤ ᠮᠣᠷᠢᠨ ᠤᠷᠤᠯᠳᠤᠭᠠᠨ ᠨᠢ ᠤᠨᠤᠭᠠᠴᠢᠳ ᠤᠨ ᠤᠷ᠎ᠠ ᠮᠡᠷᠭᠡᠰᠢᠯ᠂ ᠮᠤᠷᠢᠳ ᠤᠨ ᠰᠢᠯᠢᠳᠡᠭ ᠬᠡᠪ ᠴᠢᠨᠠᠷ ᠢ ᠭᠦᠨᠵᠡᠭᠡᠶ ᠢᠯᠡᠷᠡᠭᠦᠯᠵᠦ᠂ ᠨᠠᠩ ᠣᠯᠠᠨ ᠬᠥᠮᠦᠰ ᠲᠤ ᠲᠠᠯ᠎ᠠ ᠨᠤᠲᠤᠭ ᠢᠶᠠᠨ ᠬᠠᠶᠢᠷᠠᠯᠠᠬᠤ ᠥᠪᠡᠷᠮᠢᠴᠡ ᠷᠢᠳᠢ ᠰᠢᠳᠢ ᠶᠢ ᠮᠡᠳᠡᠷᠡᠭᠦᠯᠪᠡ᠃ ᠲᠣᠰ ᠤᠳᠠᠭᠠᠨ ᠤ ᠠᠵᠢᠯᠯᠠᠭ᠎ᠠ ᠶᠢ ᠡᠷᠬᠢᠯᠡᠭᠰᠡᠨ ᠨᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠭᠢᠯᠠᠯᠵᠠᠭᠤᠯᠤᠨ ᠠᠮᠢᠯᠠᠭᠤᠯᠤᠭᠰᠠᠨ ᠮᠥᠷᠲᠡᠭᠡᠨ ᠪᠠᠰᠠ ᠮᠠᠯᠵᠢᠬᠤ ᠲᠠᠷᠢᠶᠠᠯᠠᠬᠤ ᠣᠷᠣᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ︽ᠰᠣᠶᠣᠯ ᠤᠨ ᠬᠥᠳᠡᠯᠭᠡᠬᠦ ᠴᠢᠳᠠᠪᠤᠷᠢ︾ ᠨᠡᠮᠡᠷᠢᠯᠡᠪᠡ᠃   
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ