| | | | 6 ᠰᠠᠷ᠎ᠠ ᠶᠢᠨ 25 ᠤ ᠡᠳᠦᠷ᠂ ᠪᠡᠭᠡᠵᠢᠩ ᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠠᠵᠢᠯ ᠤᠨ ᠬᠤᠷᠢᠶ᠎ᠡ᠂ ᠬᠠᠮᠢᠶᠠᠷᠤᠯᠲᠠ ᠶᠢᠨ | ᠵᠥᠪᠯᠡᠯ ᠤᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ᠂ ᠷᠦᠩ ᠬᠤᠸᠠ ᠵᠡᠭᠡᠯᠢ ᠭᠤᠳᠤᠮᠵᠢ ᠶᠢᠨ ᠠᠵᠢᠯ ᠤᠨ ᠬᠤᠷᠢᠶ᠎ᠡ ᠶᠢᠨ ᠱᠦᠵᠢ ᠱᠧᠨ ᠶᠢᠨ ᠺᠦᠨ ᠨᠡᠷ | ᠮᠠᠨ ᠤ ᠬᠤᠰᠢᠭᠤᠨ ᠳᠤ ᠢᠷᠡᠵᠦ ᠬᠠᠮᠲᠤᠪᠠᠷ ᠪᠠᠶᠢᠭᠤᠯᠵᠤ ᠰᠣᠯᠢᠯᠴᠠᠬᠤ ᠠᠵᠢᠯ ᠥᠷᠨᠢᠭᠦᠯᠪᠡ᠃ ᠬᠤᠰᠢᠭᠤᠨ ᠤ ᠨᠠᠮ ᠤᠨ ᠬᠤᠷᠢᠶ᠎ᠡ ᠶᠢᠨ ᠪᠠᠶᠢᠩᠭᠤ ᠶᠢᠨ ᠭᠡᠰᠢᠭᠦᠨ᠂ | ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠲᠠᠨ ᠱᠤᠸᠠᠢ ᠪᠠᠷ᠎ᠠ ᠪᠣᠯᠪᠠ᠃ | ᠱᠧᠨ ᠶᠢᠨ ᠺᠦᠨ ᠨᠠᠷ ᠤᠷᠢᠳ ᠬᠤᠵᠢᠳ ᠪᠠᠭᠠᠷᠢᠨ ᠪᠠᠷᠠᠭᠤᠨ ᠬᠤᠰᠢᠭᠤᠨ ᠤ ᠮᠢᠬᠠᠨ ᠬᠤᠨᠢᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠰᠠᠶᠢᠬᠠᠨ | ᠬᠠᠨ ᠠᠭᠤᠯᠠ ᠶᠢᠨ ᠪᠠᠶᠢᠭᠠᠯᠢ ᠶᠢᠨ ᠮᠦᠽᠧᠶ᠂ ᠪᠠᠶ ᠯᠢᠩ ᠨᠡᠶᠢᠭᠡᠮ ᠲᠣᠭᠤᠷᠢᠭ᠂ ᠰᠠᠷᠠᠨ᠎ᠠ ᠨᠡᠶᠢᠭᠡᠮ ᠲᠣᠭᠤᠷᠢᠭ ᠲᠤ ᠬᠦᠷᠴᠦ᠂ ᠬᠦᠷᠢᠶᠡᠯᠡᠩ ᠲᠣᠭᠤᠷᠢᠭ ᠤᠨ | ᠲᠥᠷᠥᠯ ᠵᠦᠢᠯ ᠤᠨ ᠠᠵᠢᠯᠯᠠᠭᠠᠨ ᠤ ᠦᠷ᠎ᠡ ᠪᠦᠲᠦᠮᠵᠢ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠬᠥᠭᠵᠢᠯᠲᠡ ᠶᠢ | ᠠᠬᠢᠭᠤᠯᠬᠤ᠂ ᠨᠠᠮ ᠤᠨ ᠬᠡᠰᠢᠬᠦᠨ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠣᠷᠣᠭᠤᠯᠤᠨ ᠠᠪᠴᠢᠷᠠᠭᠰᠠᠨ | ᠪᠠᠶᠢᠳᠠᠯ ᠵᠢᠴᠢ ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠤ ᠵᠠᠰᠠᠯᠲᠠ᠂ 24 ᠴᠠᠭ ᠤᠨ ᠬᠠᠮᠲᠤ ᠪᠠᠷ ᠡᠳ᠋ᠯᠡᠬᠦ ᠲᠣᠭᠲᠠᠴᠠ ᠪᠠ ᠰᠠᠭᠤᠭᠠᠯᠢ ᠠᠷᠠᠳ ᠤᠨ | ᠠᠵᠢᠯᠯᠠᠭᠠᠨ ᠤ ᠲᠥᠪ ᠤᠨ ᠪᠥᠲᠥᠭᠡᠨ ᠪᠠᠶᠢᠭᠤᠯᠤᠯᠲᠠ᠂ ᠨᠡᠶᠢᠭᠡᠮ ᠲᠣᠭᠤᠷᠢᠭ ᠤᠨ ᠠᠵᠢᠯ ᠣᠯᠭᠤᠯᠲᠠ ᠪᠠ ᠨᠡᠶᠢᠭᠡᠮ ᠲᠣᠭᠤᠷᠢᠭ ᠤᠨ ᠬᠤᠭᠤᠯᠠᠨ ᠬᠡᠷ ᠤᠨ | ᠠᠵᠢᠯᠯᠠᠭᠠᠨ ᠤ ᠪᠠᠶᠢᠳᠠᠯ ᠢ ᠲᠤᠬᠠᠶ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ᠃ ᠡᠭᠦᠨ ᠠᠴᠠ ᠭᠠᠳᠠᠨ᠎ᠠ᠂ ᠠᠮᠢᠳᠤᠷᠠᠯ ᠨᠢ ᠬᠦᠴᠢᠷᠳᠡᠯ ᠲᠠᠢ ᠨᠠᠮ ᠤᠨ ᠭᠡᠰᠢᠭᠦᠨ | ᠪᠠ ᠭᠤᠣᠯᠳᠠᠯᠭ᠎ᠠ ᠲᠠᠢ ᠬᠢᠨᠠᠨ ᠬᠡᠮᠵᠢᠬᠦ ᠡᠷᠦᠬᠡ ᠶᠢ ᠪᠣᠯᠭᠤᠭᠠᠨ ᠲᠣᠬᠤᠨᠢᠭᠤᠯᠵᠤ᠂ ᠲᠡᠳᠡᠨ ᠤ ᠢᠲᠡᠭᠡᠯ ᠵᠣᠷᠢᠭ ᠢᠶᠠᠨ ᠬᠥᠪᠴᠢᠯᠡᠵᠦ᠂ ᠪᠠᠶᠠᠰᠤᠩᠭᠤᠢ ᠰᠡᠳᠬᠢᠯᠭᠡ ᠲᠠᠢ | ᠪᠠᠶᠢᠵᠤ᠂ ᠡᠷᠲᠡᠬᠡᠨ ᠬᠦᠴᠢᠷᠳᠡᠯ ᠠᠴᠠ ᠭᠠᠷᠬᠤ ᠶᠢ ᠵᠣᠷᠢᠭᠵᠢᠭᠤᠯᠪᠠ᠃ | ᠳᠠᠷᠠᠭ᠎ᠠ ᠨᠢ᠂ ᠷᠦᠩ ᠬᠤᠸᠠ ᠵᠡᠭᠡᠯᠢ ᠭᠤᠳᠤᠮᠵᠢ ᠶᠢᠨ ᠬᠢᠨ ᠲᠤᠰ ᠲᠤᠰ ᠳᠠᠷᠬᠠᠨ ᠵᠡᠭᠡᠯᠢ ᠭᠤᠳᠤᠮᠵᠢ᠂ ᠰᠠᠶᠢᠬᠠᠨ ᠵᠡᠭᠡᠯᠢ ᠭᠤᠳᠤᠮᠵᠢ ᠲᠠᠢ ᠬᠠᠮᠲᠤᠪᠠᠷ | ᠪᠠᠶᠢᠭᠤᠯᠬᠤ ᠰᠣᠯᠢᠯᠴᠠᠭᠠᠨ ᠤ ᠶᠠᠷᠢᠯᠴᠠᠬᠤ ᠬᠤᠷᠠᠯ ᠬᠤᠷᠠᠯᠳᠤᠭᠤᠯᠵᠤ᠂ ᠵᠡᠭᠡᠯᠢ ᠭᠤᠳᠤᠮᠵᠢ ᠶᠢᠨ ᠬᠠᠮᠢᠶ᠎ᠠ ᠪᠦᠬᠦᠢ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠪᠠ᠃ ᠷᠦᠩ ᠬᠤᠸᠠ ᠵᠡᠭᠡᠯᠢ ᠭᠤᠳᠤᠮᠵᠢ ᠵᠢᠴᠢ ᠨᠡᠶᠢᠭᠡᠮ ᠲᠣᠭᠤᠷᠢᠭ ᠠᠴᠠ ᠳᠠᠷᠬᠠᠨ ᠵᠡᠭᠡᠯᠢ ᠭᠤᠳᠤᠮᠵᠢ᠂ ᠰᠠᠶᠢᠬᠠᠨ ᠵᠡᠭᠡᠯᠢ ᠭᠤᠳᠤᠮᠵᠢ | ᠵᠢᠴᠢ ᠬᠡᠰᠡᠭ ᠨᠡᠶᠢᠭᠡᠮ ᠲᠣᠭᠤᠷᠢᠭ ᠲᠤ ᠬᠠᠪᠰᠤᠷᠤᠨ ᠲᠡᠳᠬᠦᠬᠦ ᠪᠡᠯᠡ ᠮᠥᠩᠭᠦ ᠬᠠᠨᠳᠢᠪᠯᠠᠵᠤ᠂ ᠬᠡᠯᠡᠯᠴᠡᠭᠡᠷ ᠲᠣᠭᠲᠠᠵᠠᠢ︔ ᠬᠤᠶᠠᠷ ᠲᠠᠯ᠎ᠠ ᠪᠠᠷ ᠢᠶᠠᠨ ᠪᠡᠭᠡᠵᠢᠩ | ᠥᠪᠥᠷ ᠮᠣᠩᠭᠤᠯ ᠤᠨ ᠬᠠᠮᠵᠢᠯᠴᠠᠭ᠎ᠠ ᠶᠢ ᠬᠡᠷᠬᠢᠨ ᠤᠯᠠᠮ ᠨᠢᠭᠡ ᠠᠯᠬᠤᠮ ᠴᠢᠩᠭᠠᠳᠬᠠᠬᠤ᠂ ᠬᠤᠶᠠᠷ ᠭᠠᠵᠠᠷ ᠤᠨ ᠵᠡᠭᠡᠯᠢ ᠭᠤᠳᠤᠮᠵᠢ ᠶᠢᠨ ᠬᠤᠤᠰᠯᠠᠨ ᠬᠠᠪᠰᠤᠷᠤᠨ | ᠲᠡᠳᠬᠦᠬᠦ ᠪᠠ ᠠᠵᠢᠯ ᠤᠨ ᠰᠣᠯᠢᠯᠴᠠᠭ᠎ᠠ ᠶᠢ ᠭᠦᠨᠵᠡᠭᠡᠶᠢᠷᠡᠭᠦᠯᠬᠦ᠂ ᠲᠤᠷᠰᠢᠯᠭ᠎ᠠ ᠠᠷᠭ᠎ᠠ ᠬᠢᠳᠡᠯ ᠢ ᠬᠠᠮᠲᠤ ᠪᠠᠷ ᠡᠳ᠋ᠯᠡᠬᠦ ᠵᠡᠷᠭᠡ ᠲᠠᠯ᠎ᠠ ᠪᠠᠷ ᠭᠦᠨᠵᠡᠭᠡᠶ ᠰᠣᠯᠢᠯᠴᠠᠨ | ᠶᠠᠷᠢᠯᠴᠠᠪᠠ᠃ | ᠱᠧᠨ ᠶᠢᠨ ᠺᠦᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠡᠯ᠎ᠡ ᠵᠦᠢᠯ ᠤᠨ ᠠᠵᠢᠯ᠂ ᠬᠠᠪᠰᠤᠷᠤᠨ ᠲᠡᠳᠬᠦᠬᠦ ᠪᠡᠯᠡ ᠮᠥᠩᠭᠦ ᠶᠢ ᠵᠣᠬᠢᠰᠲᠠᠢ | ᠬᠡᠷᠡᠭᠯᠡᠬᠦ᠂ ᠠᠵᠤ ᠦᠢᠯᠡᠰ ᠤᠨ ᠲᠦᠷᠦᠯ ᠵᠦᠢᠯ ᠢ ᠬᠥᠭᠵᠢᠭᠦᠯᠬᠦ ᠪᠠ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠵᠡᠷᠭᠡ ᠲᠠᠯ᠎ᠠ ᠪᠠᠷ | ᠪᠣᠳᠠᠲᠠᠢ ᠰᠡᠳᠬᠢᠴᠡ ᠪᠠ ᠱᠠᠭᠠᠷᠳᠠᠯᠭ᠎ᠠ ᠳᠤᠷᠠᠳᠴᠠᠢ᠃ ᠱᠧᠨ ᠶᠢᠨ ᠺᠦᠨ ᠵᠢᠭᠠᠵᠤ ᠭᠠᠷᠭᠠᠭᠰᠠᠨ ᠨᠢ᠂ ᠵᠡᠭᠦᠨ ᠪᠠᠷᠠᠭᠤᠨ ᠣᠷᠣᠨ ᠢ ᠬᠠᠮᠵᠢᠯᠴᠠᠬᠤ ᠪᠠ ᠴᠡᠭ | ᠲᠣᠭᠲᠠᠭᠠᠨ ᠬᠠᠪᠰᠤᠷᠤᠨ ᠲᠡᠳᠬᠦᠬᠦ ᠠᠵᠢᠯ ᠢ ᠥᠷᠨᠢᠭᠦᠯᠬᠦ ᠪᠣᠯ ᠨᠠᠮ ᠤᠨ ᠲᠥᠪ ᠬᠤᠷᠢᠶ᠎ᠠ ᠠᠴᠠ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ᠂ | ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠶᠢ ᠪᠣᠳᠣᠯᠬᠢᠯᠠᠵᠤ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠣᠯᠤᠨ᠎ᠠ᠃ ᠬᠤᠶᠠᠷ ᠭᠠᠵᠠᠷ ᠣᠯᠠᠨ | ᠬᠠᠷᠢᠯᠴᠠᠭ᠎ᠠ ᠨᠡᠪᠲᠡᠷᠡᠯᠴᠡᠭᠡ ᠶᠢ ᠪᠠᠶᠢᠭᠤᠯᠬᠤ ᠬᠡᠷᠡᠭᠲᠡᠶ᠃ ᠳᠠᠷᠬᠠᠨ ᠵᠡᠭᠡᠯᠢ ᠭᠤᠳᠤᠮᠵᠢ ᠪᠣᠯᠤᠨ ᠰᠠᠶᠢᠬᠠᠨ ᠵᠡᠭᠡᠯᠢ ᠭᠤᠳᠤᠮᠵᠢ ᠶᠢᠨ ᠬᠥᠭᠵᠢᠯᠲᠡ ᠶᠢᠨ ᠪᠠᠶᠢᠳᠠᠯ ᠢ ᠴᠠᠭ | ᠲᠤᠬᠠᠶ ᠳᠤᠨᠢ ᠠᠩᠬᠠᠷᠴᠤ᠂ ᠰᠣᠯᠢᠯᠴᠠᠭ᠎ᠠ ᠬᠠᠷᠢᠯᠴᠠᠭ᠎ᠠ ᠪᠠᠨ ᠴᠢᠩᠭᠠᠳᠬᠠᠬᠤ ᠬᠡᠷᠡᠭᠲᠡᠶ︔ ᠬᠤᠰᠢᠭᠤᠨ ᠤ ᠪᠠᠶᠢᠳᠠᠯ ᠲᠠᠢ ᠤᠶᠠᠯᠳᠤᠭᠤᠯᠤᠨ ᠢᠯᠡᠭᠦᠬᠡᠨ ᠰᠤᠷᠤᠯᠴᠠᠬᠤ | ᠬᠡᠷᠡᠭᠲᠡᠶ᠃ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠪᠠᠷ ᠶᠡᠷᠦᠩᠬᠡᠢ ᠬᠥᠲᠥᠯᠦᠮᠵᠢ ᠪᠣᠯᠭᠠᠵᠤ᠂ ᠤᠯᠠᠨ ᠬᠦᠷᠢᠶ᠎ᠡ ᠴᠠᠷᠠᠭ᠎ᠠ᠂ ᠤᠯᠠᠨ ᠲᠠᠯ᠎ᠠ ᠠᠴᠠ | ᠪᠠᠷᠢᠮᠵᠢᠶᠠᠯᠠᠨ ᠰᠤᠷᠤᠯᠴᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠪᠣᠯᠤᠨ ᠲᠦᠪᠰᠢᠨ ᠢ ᠦᠨᠡᠨ ᠬᠦ ᠳᠡᠭᠡᠭᠰᠢᠯᠡᠭᠦᠯᠵᠦ᠂ ᠠᠷᠠᠳ ᠤᠯᠠᠨ ᠤ | ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠣᠯ | ᠵᠢᠷᠭᠠᠯᠲᠤ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ ᠭᠡᠵᠠᠢ᠃ |