| | | 6 ᠰᠠᠷ᠎ᠠ ᠶᠢᠨ 25 ᠤ ᠡᠳᠦᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠡ ᠶᠢᠨ ᠳᠡᠳ᠋ ᠡᠷᠬᠢᠯᠡᠭᠴᠢ | ᠮᠦᠩᠬᠡᠨ᠋ᠦ᠋ᠯᠵᠡᠢ ᠨᠠᠷ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶ᠎ᠠ ᠳᠤ ᠬᠦᠷᠴᠦ ᠠᠵᠤ ᠠᠬᠤᠶᠢᠯᠠᠯ᠂ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ | ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ᠃ | ᠶᠠᠷᠢᠯᠴᠠᠬᠤ ᠬᠤᠷᠠᠯ ᠳᠡᠭᠡᠷ᠎ᠡ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠡᠯ᠎ᠡ ᠰᠠᠯᠠᠭ᠎ᠠ ᠮᠥᠴᠢᠷ ᠠᠵᠤ ᠠᠬᠤᠶᠢᠯᠠᠯ᠂ ᠵᠠᠰᠠᠭ ᠵᠠᠬᠢᠷᠭᠠᠨ ᠠᠵᠢᠯ | ᠦᠢᠯᠡᠰ ᠤᠨ ᠴᠢᠨᠠᠷᠲᠠᠢ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠶᠡᠷᠦᠩᠬᠡᠢ ᠪᠠᠶᠢᠳᠠᠯ᠂ ᠡᠳ᠋ ᠬᠦᠷᠦᠩᠭᠡ ᠶᠢᠨ ᠬᠡᠷᠡᠭᠯᠡᠯᠲᠡ ᠬᠠᠮᠢᠶᠠᠷᠤᠯᠲᠠ ᠶᠢᠨ ᠪᠠᠶᠢᠳᠠᠯ | ᠵᠢᠴᠢ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠰᠢᠢᠳᠪᠦᠷᠢᠯᠡᠭᠰᠡᠨ ᠪᠠᠶᠢᠳᠠᠯ ᠵᠡᠷᠭᠡ ᠶᠢ ᠰᠣᠨᠣᠰᠴᠠᠢ᠃ ᠲᠤᠬᠠᠢ ᠶᠢᠨ ᠲᠠᠯᠠᠪᠠᠢ ᠳᠤ ᠣᠷᠣᠰᠢᠵᠤ | ᠪᠠᠶᠢᠭ᠎ᠠ ᠠᠰᠠᠭᠤᠳᠠᠯ ᠢ ᠵᠠᠳᠠᠯᠵᠤ᠂ ᠠᠷᠭᠠᠴᠠᠭᠠᠬᠤ ᠪᠤᠳᠤᠯᠭ᠎ᠠ ᠠᠷᠭ᠎ᠠ ᠬᠡᠮᠵᠢᠶ᠎ᠡ ᠶᠢ ᠰᠤᠳᠤᠯᠵᠤ᠂ ᠵᠢᠯᠣᠭᠤᠳᠬᠤ ᠰᠠᠨᠠᠯ ᠳᠤᠷᠠᠳᠪᠠ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠬᠤᠰᠢᠭᠤᠨ ᠤ ᠰᠤᠷᠭᠠᠨ ᠬᠥᠮᠦᠵᠢᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠰᠠᠯᠠᠭ᠎ᠠ ᠮᠥᠴᠢᠷ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠢᠯᠭᠠᠷᠠᠭᠤᠯᠤᠨ ᠪᠠᠶᠢᠴᠠᠭᠠᠬᠤ ᠬᠠᠮᠢᠶᠠᠷᠤᠯᠲᠠ ᠶᠢ ᠠᠬᠢᠭᠤᠯᠬᠤ ᠵᠡᠷᠭᠡ | ᠠᠵᠢᠯ ᠤᠨ ᠣᠯᠤᠭᠰᠠᠨ ᠦᠷ᠎ᠡ ᠪᠦᠲᠦᠮᠵᠢ ᠶᠢ ᠬᠦᠢᠴᠡᠳ ᠨᠤᠲᠠᠯᠠᠬᠤ ᠶᠢᠨ ᠬᠠᠮᠲᠤ᠂ ᠴᠢᠬᠤᠯᠠᠴᠢᠯᠠᠭᠰᠠᠨ ᠨᠢ ᠡᠯ᠎ᠡ ᠰᠠᠯᠠᠭ᠎ᠠ ᠮᠥᠴᠢᠷ ᠤᠨ ᠬᠢᠨ ᠬᠠᠮᠢᠶᠠᠷᠤᠯᠲᠠ ᠶᠢᠨ | ᠲᠣᠭᠲᠠᠴᠠ ᠪᠠᠨ ᠦᠷᠭᠦᠯᠵᠢᠯᠡᠨ ᠲᠡᠭᠦᠯᠳᠡᠷᠵᠢᠭᠦᠯᠵᠦ᠂ ᠰᠠᠭᠤᠷᠢ ᠬᠠᠮᠢᠶᠠᠷᠤᠯᠲᠠ ᠪᠠᠨ ᠪᠠᠬᠢᠵᠢᠭᠦᠯᠵᠦ᠂ ᠡᠳ᠋ ᠬᠥᠷᠥᠩᠭᠡ ᠶᠢ ᠲᠣᠭᠠᠯᠠᠨ ᠪᠠᠶᠢᠴᠠᠭᠠᠬᠤ ᠶᠢ ᠤᠯᠠᠮ ᠨᠢᠭᠡ | ᠠᠯᠬᠤᠮ ᠥᠷᠨᠢᠭᠦᠯᠵᠦ᠂ ᠡᠳ᠋ ᠬᠥᠷᠥᠩᠭᠡ ᠶᠢᠨ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠵᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠣᠳᠣᠬᠢ ᠪᠠᠶᠢᠳᠠᠯ | ᠪᠠ ᠠᠵᠢᠯᠯᠠᠭᠠᠨ ᠤ ᠪᠠᠶᠢᠳᠠᠯ ᠢ ᠭᠦᠢᠴᠡᠳ ᠡᠵᠡᠮᠰᠢᠵᠦ᠂ ᠡᠳ᠋ ᠬᠥᠷᠥᠩᠭᠡ ᠶᠢᠨ ᠲᠣᠬᠢᠷᠠᠭᠤᠯᠤᠯᠲᠠ᠂ ᠬᠡᠷᠡᠭᠯᠡᠯᠲᠡ ᠪᠠ ᠰᠢᠢᠳᠪᠦᠷᠢᠯᠡᠯᠲᠡ ᠶᠢᠨ ᠪᠥᠬᠦ ᠶᠠᠪᠤᠴᠠ ᠶᠢᠨ | ᠬᠠᠮᠢᠶᠠᠷᠤᠯᠲᠠ ᠪᠠᠨ ᠴᠢᠩᠭᠠᠳᠬᠠᠵᠤ᠂ ᠲᠠᠩᠰᠠ ᠨᠢ ᠪᠣᠳᠠᠲᠠᠶ ᠳᠤ ᠨᠡᠶᠢᠴᠡᠬᠦ ᠶᠢ ᠦᠨᠡᠨ ᠬᠦ ᠪᠠᠲᠤᠯᠠᠬᠤ ᠬᠡᠷᠡᠭᠲᠡᠶ︔ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠬᠦ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠤᠯᠢ ᠲᠣᠭᠲᠠᠭᠠᠯ ᠶᠣᠰᠣᠭᠠᠷ ᠠᠵᠤ | ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ | ᠪᠦᠲᠦᠮᠵᠢᠲᠡᠶ ᠡᠵᠡᠩᠨᠡᠯᠲᠡ᠂ ᠦᠷ᠎ᠡ ᠠᠰᠢᠭ ᠢ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ︔ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠨᠢᠭᠡᠳᠦᠯᠲᠡᠶ | ᠲᠥᠯᠥᠪᠯᠡᠨ ᠡᠮᠬᠢᠯᠡᠨ ᠨᠡᠶᠢᠯᠡᠭᠦᠯᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠤᠯᠠ ᠪᠠᠶᠢᠭ᠎ᠠ ᠡᠳ᠋ ᠬᠥᠷᠥᠩᠭᠡ ᠶᠢ ᠵᠦᠶ ᠵᠣᠬᠢᠰᠲᠠᠶ ᠠᠮᠢᠳᠤᠯᠢᠭ ᠪᠣᠯᠭᠠᠵᠤ᠂ | ᠵᠢᠷᠤᠮᠵᠢᠭᠤᠯᠤᠭᠰᠠᠨ᠂ ᠰᠢᠨᠵᠢᠯᠡᠬᠦ ᠤᠬᠠᠭᠠᠨᠴᠢᠯᠠᠭᠰᠠᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠤᠯᠤᠰ ᠤᠨ ᠥᠮᠴᠢᠯᠡᠯᠲᠦ | ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ ᠭᠡᠵᠡᠢ᠃ |