| | | 6 ᠰᠠᠷ᠎ᠠ ᠶᠢᠨ 25 ᠤ ᠡᠳᠦᠷ᠂ ᠬᠤᠰᠢᠭᠤᠨ ᠤ ᠨᠠᠮ ᠤᠨ ᠬᠤᠷᠢᠶ᠎ᠡ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠡ ᠶᠢᠨ ᠱᠦᠵᠢ | ᠶᠢᠨ ᠶᠠᠨ ᠴᠧᠨ ᠪᠠᠭᠠᠷᠢᠨ ᠪᠠᠷᠠᠭᠤᠨ ᠬᠤᠰᠢᠭᠤᠨ ᠤ ︽ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠬᠦ︾ ᠲᠤᠰᠬᠠᠶ ᠠᠵᠢᠯᠯᠠᠭ᠎ᠠ ᠶᠢ ᠠᠬᠢᠭᠤᠯᠬᠤ ᠬᠤᠷᠠᠯ ᠢ | ᠡᠷᠭᠢᠯᠡᠨ ᠬᠤᠷᠠᠯᠳᠤᠭᠤᠯᠵᠤ᠂ ᠡᠯ᠎ᠡ ᠰᠤᠮᠤ ᠪᠠᠯᠭᠠᠰᠤ ︵ᠵᠡᠭᠡᠯᠢ ᠭᠤᠳᠤᠮᠵᠢ︶ ᠶᠢᠨ ᠬᠠᠮᠢᠶ᠎ᠠ ᠪᠥᠬᠦᠶ ᠠᠵᠢᠯᠲᠠᠨ ᠪᠠ ᠡᠯ᠎ᠡ ᠪᠦᠷᠢᠯᠳᠦᠬᠦᠨ ᠨᠢᠭᠡᠴᠡ ᠶᠢᠨ ᠬᠤᠪᠢᠳᠠᠨ | ᠬᠠᠮᠢᠶᠠᠷᠬᠤ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | ᠬᠤᠷᠠᠯ ᠠᠴᠠ ᠡᠯ᠎ᠡ ᠲᠦᠷᠦᠭᠦᠯᠡᠬᠦ ᠨᠢᠭᠡᠴᠡ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠳᠣᠬᠠᠨ ᠤ ᠪᠠᠶᠢᠳᠠᠯ ᠪᠣᠯᠤᠨ ᠣᠷᠣᠰᠢᠵᠤ ᠪᠠᠶᠢᠭ᠎ᠠ | ᠬᠦᠷᠦᠯᠴᠡᠬᠦ ᠦᠭᠡᠢ ᠲᠠᠯ᠎ᠠ ᠶᠢ ᠵᠠᠳᠠᠯᠵᠤ᠂ ᠳᠠᠷᠠᠭᠠᠴᠢ ᠶᠢᠨ ᠱᠠᠲᠤᠨ ᠤ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ︽ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠬᠦ︾ | ᠲᠤᠰᠬᠠᠢ ᠠᠵᠢᠯᠯᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠯ᠎ᠡ ᠱᠠᠲᠤᠨ ᠤ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ᠂ ᠵᠠᠬᠢᠳᠠᠯ ᠰᠣᠷᠪᠤᠯᠵᠢᠯᠠᠭ᠎ᠠ ᠶᠢᠨ ᠵᠥᠷᠢᠴᠡᠯ ᠠᠰᠠᠭᠤᠳᠠᠯ ᠤᠨ ᠬᠡᠮ ᠰᠣᠭᠤᠭ ᠢ ᠪᠠᠶᠢᠴᠠᠭᠠᠨ ᠰᠢᠢᠳᠪᠦᠷᠢᠯᠡᠬᠦ᠂ ᠦᠨᠳᠦᠰᠦᠨ ᠱᠠᠲᠤᠨ ᠤ | ᠵᠠᠰᠠᠯᠲᠠ ᠶᠢᠨ ᠡᠯ᠎ᠡ ᠲᠦᠷᠦᠯ ᠤᠨ ᠠᠰᠠᠭᠤᠳᠠᠯ ᠢ ᠪᠠᠶᠢᠴᠠᠭᠠᠨ ᠰᠢᠢᠳᠪᠦᠷᠢᠯᠡᠬᠦ᠂ ᠪᠥᠬᠦ ᠲᠠᠯ᠎ᠠ ᠪᠠᠷ ᠥᠪᠡᠷ ᠢᠶᠠᠨ ᠪᠠᠶᠢᠴᠠᠭᠠᠵᠤ ᠥᠪᠡᠷ ᠢᠶᠠᠨ ᠵᠠᠯᠠᠷᠠᠭᠤᠯᠬᠤ ᠵᠡᠷᠭᠡ | ᠳᠥᠷᠪᠡᠨ ᠲᠠᠯ᠎ᠠ ᠶᠢᠨ ᠲᠣᠭᠤᠷᠢᠨ ᠳᠤ ᠠᠰᠠᠭᠤᠳᠠᠯ ᠤᠨ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠭᠦᠨᠵᠡᠭᠡᠢ ᠥᠷᠨᠢᠭᠦᠯᠵᠦ᠂ | ᠡᠯ᠎ᠡ ᠲᠥᠷᠥᠯ ᠤᠨ ᠠᠰᠠᠭᠤᠳᠠᠯ ᠢ ᠦᠨᠡᠨ ᠬᠦ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠵᠤ᠂ ᠴᠠᠭ ᠲᠤᠬᠠᠢ ᠳᠤᠨᠢ ᠪᠦᠲᠦᠮᠵᠢᠲᠡᠶ ᠴᠡᠭᠴᠡᠯᠡᠨ | ᠰᠠᠶᠢᠵᠢᠷᠠᠭᠤᠯᠬᠤ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠨᠠᠷᠢᠨ ᠨᠢᠭᠲᠠ ᠲᠥᠯᠥᠪᠯᠡᠭᠡ᠂ ᠠᠷᠭ᠎ᠠ ᠬᠡᠮᠵᠢᠶ᠎ᠡ ᠶᠢ ᠲᠣᠭᠲᠠᠭᠠᠵᠤ᠂ ᠬᠠᠷᠢᠭᠤᠴᠠᠯᠭ᠎ᠠ ᠲᠠᠢ ᠬᠥᠮᠦᠨ ᠪᠠ | ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠲᠣᠳᠣᠷᠬᠠᠶᠢᠯᠠᠵᠤ᠂ ᠠᠰᠠᠭᠤᠳᠠᠯ ᠢ ᠰᠢᠢᠳᠪᠦᠷᠢᠯᠡᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ︔ | ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠬᠦ ᠶᠢ ᠪᠠᠷᠢᠮᠲᠠᠯᠠᠵᠤ᠂ ᠠᠰᠠᠭᠤᠳᠠᠯ ᠢ ᠪᠠᠶᠢᠴᠠᠭᠠᠨ ᠰᠢᠢᠳᠪᠦᠷᠢᠯᠡᠬᠦ ᠪᠣᠳᠠᠲᠤ ᠦᠷ᠎ᠡ ᠪᠦᠲᠦᠮᠵᠢ ᠶᠢ ᠲᠠᠰᠤᠷᠠᠯᠲᠠ ᠥᠬᠡᠶ | ᠪᠠᠬᠢᠵᠢᠭᠦᠯᠦᠨ ᠥᠷᠭᠡᠳᠬᠡᠬᠦ ᠬᠡᠷᠡᠭᠲᠡᠶ᠃ ᠠᠵᠢᠯ ᠤᠨ ᠲᠣᠭᠲᠠᠴᠠ ᠪᠠᠨ ᠴᠢᠩᠭᠠᠳᠬᠠᠵᠤ᠂ ︽ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠬᠦ︾ ᠠᠵᠢᠯ ᠤᠨ | ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠦᠵᠡᠭᠦᠯᠪᠡᠰᠦ ᠵᠣᠬᠢᠬᠤ | ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠠᠢ᠃ |