ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠪᠠ ᠲᠤᠭ᠎ᠠ ᠪᠦᠷᠢᠳᠬᠡᠯ ᠤᠨ ᠲᠣᠪᠴᠢᠶ᠎ᠠ ᠶᠢᠨ ︽ᠠᠵᠤ ᠠᠬᠤᠶᠢᠯᠠᠯ ᠤᠨ ᠦᠢᠯᠡᠴᠢᠯᠡᠬᠡᠨ ᠤ ᠲᠤᠰᠬᠠᠶ ᠲᠣᠭᠤᠷᠢᠭ︾ ᠬᠤᠳᠠᠯᠳᠤᠭ᠎ᠠ ᠡᠵᠡᠩᠨᠡᠬᠦ ᠦᠢᠯᠡᠴᠢᠯᠡᠬᠡᠨ ᠢ ᠲᠦᠷᠭᠡᠳᠬᠡᠬᠦ ᠥᠷᠲᠡᠭᠡ ᠪᠣᠯᠪᠠ
ᠨᠡᠶᠢᠲᠡᠯᠡᠭᠰᠡᠨ ᠴᠠᠭ᠄
2025/6/26
      2025 ᠣᠨ ᠠᠴᠠ ᠨᠠᠰᠢ᠂ ᠪᠠᠭᠠᠷᠢᠨ ᠪᠠᠷᠠᠭᠤᠨ ᠬᠤᠰᠢᠭᠤ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠪᠠᠷ ᠭᠠᠷᠳᠠᠴᠠ ᠪᠣᠯᠭᠠᠵᠤ᠂ ᠪᠠᠷᠢᠮᠵᠢᠶᠠᠵᠢᠭᠤᠯᠤᠭᠰᠠᠨ᠂ ᠤᠶᠤᠨᠴᠢᠯᠠᠭᠰᠠᠨ᠂ ᠳᠥᠭᠦᠮᠴᠢᠯᠡᠭᠰᠡᠨ ︽ᠠᠵᠤ ᠠᠬᠤᠶᠢᠯᠠᠯ ᠤᠨ ᠦᠢᠯᠡᠴᠢᠯᠡᠬᠡᠨ ᠤ ᠲᠤᠰᠬᠠᠶ ᠣᠷᠣᠨ︾᠎ ᠢ ᠪᠥᠬᠦ ᠬᠦᠴᠦᠨ ᠢᠶᠠᠷ ᠢᠶᠠᠨ ᠴᠣᠭᠴᠠᠯᠠᠪᠠ᠃ ︽ᠨᠢᠭᠡ ᠴᠣᠩᠬᠤᠪᠴᠢ ᠪᠠᠷ ᠨᠡᠶᠢᠳᠡᠮ ᠭᠦᠢᠴᠡᠳᠭᠡᠬᠦ︾ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠬᠦ ᠪᠠᠷ ᠳᠠᠮᠵᠢᠭᠤᠯᠤᠨ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ︽ᠭᠦᠢᠴᠡᠳᠬᠡᠵᠦ ᠳᠡᠶᠢᠯᠬᠦ︾᠎ ᠠᠴᠠ ︽ᠭᠦᠢᠴᠡᠳᠬᠡᠬᠦ ᠳᠤ ᠬᠢᠯᠪᠠᠷ᠂ ᠲᠦᠷᠭᠡᠨ ᠭᠦᠢᠴᠡᠳᠭᠡᠬᠦ᠂ ᠣᠶᠤᠨᠴᠢ ᠪᠠᠷ ᠭᠦᠢᠴᠡᠳᠬᠡᠬᠦ︾ ᠬᠦᠷᠲᠡᠯ᠎ᠡ ᠳᠠᠪᠠᠯᠳᠠᠳᠤ ᠮᠠᠶ᠋ᠢᠭ ᠢᠶᠠᠷ ᠳᠡᠭᠡᠭᠰᠢᠯᠡᠭᠦᠯᠬᠦ ᠶᠢ ᠪᠡᠶᠡᠯᠡᠭᠦᠯᠪᠡ᠃     ︽ᠠᠵᠤ ᠠᠬᠤᠶᠢᠯᠠᠯ ᠤᠨ ᠦᠢᠯᠡᠴᠢᠯᠡᠭᠡᠨ ᠤ ᠲᠤᠰᠬᠠᠶ ᠲᠣᠭᠤᠷᠢᠭ︾᠎ ᠨᠢ ᠰᠠᠯᠠᠭ᠎ᠠ ᠮᠥᠴᠢᠷ ᠤᠨ ᠬᠤᠷᠢᠭ᠎ᠠ ᠴᠠᠷᠠᠭ᠎ᠠ ᠶᠢ ᠡᠪᠳᠡᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠭᠠᠶᠢᠯᠢ ᠶᠢᠨ ᠶᠠᠪᠤᠳᠠᠯ᠂ ᠨᠡᠶᠢᠭᠡᠮ ᠤᠨ ᠪᠠᠲᠤᠯᠠᠭ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠵᠡᠷᠭᠡ 21 ᠰᠠᠯᠠᠭ᠎ᠠ ᠮᠥᠴᠢᠷ ᠤᠨ ᠠᠵᠤ ᠠᠬᠤᠶᠢᠯᠠᠯ ᠳᠤ ᠬᠤᠯᠪᠣᠭᠳᠠᠬᠤ 300 ᠵᠦᠢᠯ ᠤᠨ ᠦᠢᠯᠡᠴᠢᠯᠡᠭᠡᠨ ᠤ ᠵᠦᠢᠯᠡᠰ ᠢ ᠲᠥᠪᠯᠡᠷᠡᠭᠦᠯᠦᠨ ᠡᠮᠬᠢᠯᠡᠨ ᠨᠡᠶᠢᠯᠡᠭᠦᠯᠵᠦ᠂ ᠠᠵᠤ ᠠᠬᠤᠶᠢᠯᠠᠯ ᠨᠡᠭᠡᠭᠡᠨ ᠡᠷᠭᠢᠯᠡᠬᠦ ᠳᠤ ︽ᠨᠢᠭᠡ ᠯᠡ ᠬᠦᠰᠦᠨᠦᠭ ᠢᠶᠠᠷ ᠭᠤᠶᠤᠴᠢᠯᠠᠬᠤ︾ ᠴᠢᠬᠤᠯᠠᠲᠠᠶ ᠪᠠᠶᠢᠵᠤ᠂ 4 ᠴᠠᠭ ᠤᠨ ᠳᠣᠲᠣᠷ᠎ᠠ ᠡᠵᠡᠩᠨᠡᠯᠲᠡ ᠶᠢᠨ ᠦᠨᠡᠮᠯᠡᠯ᠂ ᠠᠯᠪᠠᠨ ᠲᠠᠮᠠᠭ᠎ᠠ ᠰᠡᠶᠢᠯᠦᠨ ᠵᠣᠬᠢᠶᠠᠬᠤ ᠪᠠ ᠭᠠᠶᠢᠯᠢ ᠶᠢᠨ ᠶᠠᠪᠤᠳᠠᠯ ᠤᠨ ᠳᠡᠩᠰᠡᠯᠡᠯᠲᠡ ᠵᠡᠷᠭᠡ ᠢᠵᠢ ᠪᠦᠷᠢᠨ ᠦᠨᠡᠮᠯᠡᠯ ᠢ ᠵᠡᠷᠭᠡᠪᠡᠷ ᠠᠪᠴᠤ ᠪᠣᠯᠤᠨ᠎ᠠ᠃ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢ ᠬᠢᠨᠠᠨ ᠵᠥᠪᠰᠢᠶᠡᠷᠡᠵᠦ ᠭᠠᠷᠭᠠᠭᠰᠠᠨ ︽ᠭᠤᠤᠯ ᠰᠡᠳᠦᠪᠲᠦ ᠮᠠᠶ᠋ᠢᠭ︾᠎ ᠤᠨ ᠦᠢᠯᠡᠴᠢᠯᠡᠭᠡ ᠳᠤ ᠴᠢᠭᠯᠡᠭᠦᠯᠦᠨ᠂ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ ᠭᠦᠢᠴᠡᠳ ᠪᠠᠭᠠᠰᠬᠠᠵᠤ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠲᠥᠷᠥᠯ ᠵᠦᠢᠯ ᠢ ᠳᠠᠩᠰᠠᠯᠠᠬᠤ ᠠᠴᠠ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠬᠡᠷᠡᠭᠯᠡᠬᠦ ᠭᠠᠵᠠᠷ ᠤᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ᠂ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠬᠦᠷᠲᠡᠯ᠎ᠡ ᠳᠠᠩᠰᠠᠯᠠᠭᠤᠯᠵᠤ᠂ ᠳᠠᠬᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠪᠠᠷᠢᠯᠭ᠎ᠠ ᠪᠠᠷᠢᠬᠤ ᠵᠥᠪᠰᠢᠶᠡᠷᠡᠯ ᠤᠨ ᠦᠨᠡᠮᠯᠡᠯ ᠤᠨ ᠬᠦᠢᠴᠡᠳᠬᠡᠯ ᠬᠠᠮᠤᠭ ᠲᠦᠷᠭᠡᠨ ᠢᠶᠠᠷ 30 ᠡᠳᠦᠷ ᠪᠡᠶᠡᠯᠡᠭᠦᠯᠵᠦ᠂ ᠠᠵᠤ ᠠᠬᠤᠶᠢᠯᠠᠯ ᠳᠤ ︽ᠵᠠᠰᠠᠭ ᠤᠨ ᠶᠠᠪᠤᠳᠠᠯ ᠤᠨ ᠬᠤᠷᠳᠤᠴᠠ ᠶᠢ ᠲᠦᠷᠭᠡᠳᠭᠡᠬᠦ︾᠎ ᠶᠢ ᠦᠨᠡᠨ ᠬᠦ ᠮᠡᠳᠡᠷᠡᠭᠦᠯᠦᠨ᠎ᠡ᠃ ᠡᠭᠦᠨ ᠠᠴᠠ ᠭᠠᠳᠠᠨ᠎ᠠ᠂ ᠬᠠᠪᠰᠤᠷᠤᠨ ᠭᠦᠢᠴᠡᠳᠭᠡᠬᠦ ᠣᠷᠣᠯᠠᠨ ᠭᠦᠢᠴᠡᠳᠭᠡᠬᠦ ᠴᠣᠩᠬᠤ ᠪᠠᠶᠢᠭᠤᠯᠬᠤ᠂ ᠳᠤᠲᠠᠭᠤ ᠶᠢ ᠭᠥᠯᠢᠶᠡᠨ ᠠᠪᠴᠤ ᠰᠢᠢᠳᠪᠦᠷᠢᠯᠡᠬᠦ ᠲᠣᠭᠲᠠᠴᠠ ᠶᠢ ᠬᠡᠷᠡᠭᠵᠢᠭᠦᠯᠬᠦ᠂ ᠴᠠᠭ ᠢ ᠤᠷᠲᠤᠳᠬᠠᠬᠤ ᠦᠢᠯᠡᠴᠢᠯᠡᠭᠡ ᠬᠠᠩᠭᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠠᠵᠤ ᠠᠬᠤᠶᠢᠯᠠᠯ ᠤᠨ ᠠᠵᠢᠯ ᠶᠠᠪᠤᠳᠠᠯ ᠭᠦᠢᠴᠡᠳᠭᠡᠬᠦ ᠳᠤ ᠨᠠᠩ ᠲᠠᠭᠠᠯᠠᠮᠵᠢᠲᠠᠶ ᠪᠣᠯᠭᠠᠪᠠ᠃ 200 ᠡᠳᠦᠷ ᠤᠨ ᠲᠤᠷᠰᠢ᠂ ︽ᠠᠵᠤ ᠠᠬᠤᠶᠢᠯᠠᠯ ᠤᠨ ᠦᠢᠯᠡᠴᠢᠯᠡᠭᠡᠨ ᠤ ᠲᠤᠰᠬᠠᠶ ᠲᠣᠭᠤᠷᠢᠭ︾᠎ ᠤᠨ ᠦᠢᠯᠡᠴᠢᠯᠡᠭᠡᠨ ᠤ ᠠᠵᠤ ᠠᠬᠤᠶᠢᠯᠠᠯ ᠢ 1000 ᠡᠷᠦᠬᠡ ᠤᠳᠠᠭ᠎ᠠ ᠠᠴᠠ ᠳᠠᠪᠠᠭᠤᠯᠵᠤ᠂ ᠭᠦᠢᠴᠡᠳᠭᠡᠬᠦ ᠳᠤᠮᠳᠠᠴᠢ ᠴᠠᠭ ᠢ 3 ᠴᠠᠭ ᠪᠣᠯᠭᠠᠨ ᠪᠣᠭᠤᠨᠢᠰᠬᠠᠵᠤ᠂ ᠰᠠᠶᠢᠨ ᠦᠨᠡᠯᠡᠯᠲᠡ ᠶᠢᠨ ᠨᠣᠷᠮ᠎ᠠ ᠶᠢ 99%᠎ ᠠᠴᠠ ᠳᠡᠭᠡᠭᠰᠢ ᠪᠠᠶᠢᠯᠭᠠᠬᠤ ᠶᠢ ᠪᠠᠲᠤᠯᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠠᠳᠠᠯᠢ ᠬᠤᠭᠤᠴᠠᠭᠠᠨ ᠤ ᠬᠢ ᠠᠴᠠ 54.34%᠎ ᠪᠠᠷ ᠨᠡᠮᠡᠭᠳᠡᠭᠦᠯᠬᠦ ᠳᠤ ᠬᠦᠴᠦᠨ ᠨᠡᠮᠡᠷᠢᠯᠡᠪᠡ᠃     ︽ᠠᠵᠤ ᠠᠬᠤᠶᠢᠯᠠᠯ ᠤᠨ ᠦᠢᠯᠡᠴᠢᠯᠡᠭᠡᠨ ᠤ ᠲᠤᠰᠬᠠᠶ ᠣᠷᠣᠨ︾᠎ ᠨᠢ ᠵᠠᠰᠠᠭ ᠤᠨ ᠶᠠᠪᠤᠳᠠᠯ ᠤᠨ ᠥᠭᠡᠷᠡᠴᠢᠯᠡᠯᠲᠡ ᠶᠢᠨ ᠳᠡᠯᠭᠡᠨ ᠦᠵᠡᠭᠦᠯᠬᠦ ᠴᠣᠩᠬᠤ ᠪᠣᠯᠬᠤ ᠪᠠᠷ ᠪᠠᠷᠠᠬᠤ ᠥᠬᠡᠶ᠂ ᠨᠠᠩ ᠴᠤ ᠵᠠᠰᠠᠭ ᠤᠨ ᠣᠷᠳᠣᠨ ᠬᠢᠭᠡᠳ ᠠᠵᠤ ᠠᠬᠤᠶᠢᠯᠠᠯ ᠤᠨ ︽ᠬᠤᠣᠰ ᠴᠢᠭᠯᠡᠯ ᠢᠶᠠᠷ ᠴᠢᠷᠮᠠᠶᠢᠬᠤ︾ ᠬᠠᠶᠢᠷ᠎ᠠ ᠬᠠᠯᠠᠮᠵᠢ ᠶᠢᠨ ᠣᠷᠣᠨ ᠵᠠᠶ ᠪᠣᠯᠤᠨ᠎ᠠ᠃ ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠪᠠ ᠲᠤᠭ᠎ᠠ ᠪᠦᠷᠢᠳᠬᠡᠯ ᠤᠨ ᠲᠣᠪᠴᠢᠶ᠎ᠠ ᠦᠷᠭᠦᠯᠵᠢᠯᠡᠨ ᠠᠵᠤ ᠠᠬᠤᠶᠢᠯᠠᠯ ᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ︽ᠬᠤᠷᠳᠤᠴᠠ︾᠎ ᠲᠠᠢ ᠪᠠᠷ ᠪᠠᠷᠠᠬᠤ ᠥᠬᠡᠶ᠂ ᠨᠠᠩ ︽ᠳᠤᠯᠠᠭᠠᠴᠠ︾᠎ ᠲᠠᠢ ᠪᠣᠯᠭᠠᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠥᠭᠵᠢᠯᠲᠡ ᠶᠢ ᠬᠠᠮᠠᠭᠠᠯᠠᠨ᠎ᠠ᠃
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ