ᠪᠡᠭᠡᠵᠢᠩ ᠤᠨ ᠵᠢᠩ ᠺᠠᠢ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠠᠴᠠ ᠪᠠᠭᠠᠷᠢᠨ ᠪᠠᠷᠠᠭᠤᠨ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠲᠠᠢ ᠬᠠᠪᠰᠤᠷᠤᠨ ᠲᠡᠳᠬᠦᠬᠦ ᠬᠡᠯᠡᠯᠴᠡᠭᠡᠷ ᠲᠣᠭᠲᠠᠪᠠ
ᠨᠡᠶᠢᠲᠡᠯᠡᠭᠰᠡᠨ ᠴᠠᠭ᠄
2025/6/27
      ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠠᠬᠢᠭᠤᠯᠵᠤ᠂ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠬᠤ ᠶᠢᠨ ᠲᠥᠯᠥᠭᠡ᠂ 6 ᠰᠠᠷ᠎ᠠ ᠶᠢᠨ 24᠎ ᠤ ᠡᠳᠦᠷ᠂ ᠪᠡᠭᠡᠵᠢᠩ ᠬᠤᠲᠠ ᠶᠢᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠠᠵᠢᠯ ᠤᠨ ᠬᠤᠷᠢᠶ᠎ᠡ ᠶᠢᠨ ᠨᠡᠶᠢᠭᠡᠮ ᠤᠨ ᠠᠵᠢᠯ ᠤᠨ ᠬᠡᠯᠲᠡᠰ ᠤᠨ ᠳᠠᠷᠤᠭ᠎ᠠ᠂ ᠵᠡᠮᠳᠡᠭᠴᠦᠳ ᠤᠨ ᠬᠤᠯᠪᠣᠭ᠎ᠠ ᠶᠢᠨ ᠬᠡᠷᠡᠭ ᠡᠷᠬᠢᠯᠡᠭᠴᠢᠳ ᠤᠨ ᠳᠠᠷᠤᠭ᠎ᠠ ᠵᠠᠩ ᠵᠢᠶᠠᠨ ᠪᠦᠯᠬᠦᠮ ᠳᠠᠭᠠᠭᠤᠯᠤᠨ ᠮᠠᠨ ᠤ ᠬᠤᠰᠢᠭᠤᠨ ᠳᠤ ᠢᠷᠡᠵᠦ ᠬᠠᠮᠲᠤᠪᠠᠷ ᠪᠠᠶᠢᠭᠤᠯᠤᠨ ᠰᠣᠯᠢᠯᠴᠠᠬᠤ ᠠᠵᠢᠯ ᠥᠷᠨᠢᠭᠦᠯᠵᠦ᠂ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠲᠠᠢ ᠬᠠᠪᠰᠤᠷᠤᠨ ᠲᠡᠳᠬᠦᠬᠦ ᠬᠡᠯᠡᠯᠴᠡᠭᠡᠷ ᠵᠢᠩᠬᠢᠨᠢ ᠪᠠᠷ ᠲᠣᠭᠲᠠᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠶᠢᠨ ᠶᠠᠨ ᠴᠧᠨ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠲᠠᠨ ᠱᠤᠸᠠᠶ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠢᠦᠶ ᠼᠠᠢ ᠰᠢᠨ᠂ ᠬᠤᠰᠢᠭᠤᠨ ᠤ ᠨᠠᠮ ᠤᠨ ᠬᠤᠷᠢᠶ᠎ᠠ ᠶᠢᠨ ᠨᠡᠶᠢᠭᠡᠮ ᠤᠨ ᠠᠵᠢᠯ ᠤᠨ ᠬᠡᠯᠲᠡᠰ᠂ ᠬᠤᠰᠢᠭᠤᠨ ᠤ   ᠵᠡᠮᠳᠡᠭᠴᠦᠳ ᠤᠨ ᠬᠤᠯᠪᠣᠭ᠎ᠠ ᠵᠡᠷᠭᠡ ᠬᠠᠮᠢᠶ᠎ᠠ ᠪᠥᠬᠦᠶ ᠬᠠᠷᠢᠭᠤᠴᠠᠯᠭᠠᠲᠠᠨ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠪᠠ᠃     ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠪᠡᠭᠡᠵᠢᠩ ᠤᠨ ᠢ ᠴᠧᠩ ᠬᠠᠮᠲᠤᠷᠠᠯᠴᠠᠭ᠎ᠠ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ ᠠᠴᠠ ︽ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ᠂ ᠪᠣᠭᠤᠮᠲᠠ ᠶᠢᠨ ᠭᠠᠳᠠᠨᠠᠬᠢ ᠬᠠᠶᠢᠷ᠎ᠠ ᠬᠠᠯᠠᠮᠵᠢ︾᠎ ᠶᠢᠨ ᠲᠤᠰᠠᠯᠠᠮᠵᠢ ᠶᠢᠨ ᠲᠥᠷᠥᠯ ᠵᠦᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠠᠭᠠᠷᠢᠨ ᠪᠠᠷᠠᠭᠤᠨ ᠬᠤᠰᠢᠭᠤᠨ ᠳᠤ ᠪᠠᠯᠠ ᠮᠥᠩᠭᠦ᠂ ᠡᠮᠴᠢᠯᠡᠭᠡᠨ ᠤ ᠲᠥᠬᠦᠭᠡᠷᠦᠮᠵᠢ᠂ ᠨᠣᠮ ᠪᠢᠴᠢᠭ ᠤᠨ ᠰᠤᠷᠤᠯᠴᠠᠯᠭ᠎ᠠ ᠶᠢᠨ ᠺᠠᠷᠲ ᠵᠡᠷᠭᠡ ᠶᠢ ᠬᠠᠨᠳᠢᠪᠯᠠᠵᠤ᠂ ᠣᠳᠣᠬᠠᠨ ᠳᠤ ᠨᠢᠭᠡᠨᠲᠡ 100 ᠭᠠᠷᠤᠶ ᠬᠦᠴᠢᠷᠳᠡᠯᠲᠡᠶ ᠵᠡᠮᠳᠡᠭᠴᠦᠳ ᠢ ᠲᠤᠰᠠᠯᠠᠵᠤ᠂ ᠬᠦᠴᠢᠷᠳᠡᠯᠲᠡᠶ ᠵᠡᠮᠳᠡᠭᠴᠦᠳ ᠤᠨ ᠠᠮᠢᠳᠤᠷᠠᠯ ᠢ ᠦᠷᠭᠦᠯᠵᠢᠯᠡᠨ ᠰᠠᠶᠢᠵᠢᠷᠠᠭᠤᠯᠵᠤ᠂ ᠵᠡᠮᠳᠡᠭᠴᠦᠳ ᠤᠨ ᠡᠷᠡᠭᠦᠯᠵᠢᠯ ᠤᠨ ᠬᠢᠷᠢ ᠲᠦᠪᠰᠢᠨ ᠢ ᠪᠦᠲᠦᠮᠵᠢᠲᠡᠶ ᠳᠡᠭᠡᠭᠰᠢᠯᠡᠭᠦᠯᠪᠡ᠃     ᠲᠣᠰ ᠤᠳᠠᠭᠠᠨ ᠤ ᠪᠡᠭᠡᠵᠢᠩ ᠤᠨ ᠵᠢᠩ ᠺᠠᠶ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠶᠢᠨ ᠬᠢᠨ ᠪᠠᠭᠠᠷᠢᠨ ᠪᠠᠷᠠᠭᠤᠨ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠯᠤᠭ᠎ᠠ ᠬᠠᠪᠰᠤᠷᠤᠨ ᠲᠡᠳᠬᠦᠬᠦ ᠬᠡᠯᠡᠯᠴᠡᠭᠡᠷ ᠲᠣᠭᠲᠠᠭᠰᠠᠨ ᠨᠢ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠭᠤᠯᠤᠭᠳᠠᠬᠤᠨ ᠢ ᠭᠦᠨᠵᠡᠭᠡᠶᠢᠷᠡᠭᠦᠯᠦᠭᠰᠡᠨ ᠢᠶᠠᠷ ᠪᠠᠷᠠᠬᠤ ᠥᠬᠡᠶ ᠪᠠᠰᠠ ᠵᠡᠮᠳᠡᠭᠴᠦᠳ ᠤᠨ ᠲᠤᠬᠠᠶ ᠡᠨᠡ ᠬᠦ ᠣᠨᠴᠠᠭᠠᠶ ᠬᠥᠮᠦᠰ ᠢ ᠬᠠᠯᠠᠮᠵᠢᠯᠠᠨ ᠬᠠᠶᠢᠷᠠᠯᠠᠬᠤ ᠶᠠᠪᠤᠳᠠᠯ ᠪᠣᠯᠤᠨ᠎ᠠ᠃ ᠲᠠᠷᠠᠭᠠᠴᠢ ᠶᠢᠨ ᠠᠯᠬᠤᠮ ᠳᠤ᠂ ᠬᠤᠶᠠᠷ ᠲᠠᠯ᠎ᠠ ᠪᠠᠷ ᠢᠶᠠᠨ ᠬᠡᠯᠡᠯᠴᠡᠭᠡᠷ ᠢᠶᠠᠷ ᠰᠠᠭᠤᠷᠢ ᠪᠣᠯᠭᠠᠵᠤ᠂ ᠣᠷᠳᠣ ᠬᠤᠭᠤᠴᠠᠭᠠᠨ ᠤ ᠪᠦᠲᠦᠮᠵᠢᠲᠡᠶ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠨᠡᠪᠲᠡᠷᠡᠯᠴᠡᠨ ᠬᠠᠮᠵᠢᠯᠴᠠᠵᠤ᠂ ᠲᠥᠷᠥᠯ ᠵᠦᠢᠯ ᠤᠨ ᠦᠢᠯᠡᠴᠢᠯᠡᠭᠡᠨ ᠤ ᠶᠠᠰᠤ ᠴᠢᠨᠠᠷ ᠢ ᠦᠨᠡᠨ ᠬᠦ ᠪᠠᠲᠤᠯᠠᠵᠤ᠂ ᠵᠡᠮᠳᠡᠭᠴᠦᠳ ᠢ ᠲᠤᠰᠠᠯᠠᠬᠤ ᠪᠣᠳᠠᠲᠤ ᠦᠷ᠎ᠡ ᠪᠦᠲᠦᠮᠵᠢ ᠶᠢ ᠥᠷᠭᠡᠳᠬᠡᠨ᠎ᠡ᠃
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ