| | | | 6 ᠰᠠᠷ᠎ᠠ ᠶᠢᠨ 26 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠶᠢᠨ ᠵᠢᠶᠠᠩ ᠪᠥᠸᠧ ᠶᠢᠨ ᠨᠠᠶᠢᠳᠠᠯᠭ᠎ᠠ ᠪᠠᠷ᠂ ᠬᠤᠰᠢᠭᠤᠨ ᠤ ᠨᠠᠮ ᠤᠨ | ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠲᠢᠶᠠᠨ ᠶᠦᠩ ᠰᠢᠶᠠᠩ ᠬᠤᠰᠢᠭᠤᠨ ᠤ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ | ᠳᠤᠭᠤᠶᠢᠯᠠᠩ ᠤᠨ 2025 ᠣᠨ ᠤ ᠨᠠᠢᠮᠠᠳᠤᠭᠠᠷ ᠤᠳᠠᠭᠠᠨ ᠤ ᠬᠠᠮᠲᠤ ︵ᠥᠷᠭᠡᠳᠬᠡᠭᠰᠡᠨ︶ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ | ᠣᠶᠢᠷ᠎ᠠ ᠶᠢᠨ ᠬᠤᠭᠤᠴᠠᠭᠠᠨ ᠳᠤ ᠵᠠᠷᠯᠠᠨ ᠮᠡᠳᠡᠭᠳᠡᠭᠰᠡᠨ ᠨᠡᠶᠢᠲᠡᠯᠢᠭ ᠠᠰᠠᠭᠤᠳᠠᠯ ᠵᠢᠴᠢ ︽ᠬᠠᠤᠯᠢ ᠴᠠᠭᠠᠵᠠ ᠬᠠᠤᠯᠢ ᠲᠣᠭᠲᠠᠭᠠᠯ ᠤᠨ ᠳᠣᠲᠣᠷᠠᠬᠢ ᠲᠣᠭᠲᠠᠭᠠᠯ ᠠᠴᠠ | ᠵᠥᠷᠢᠴᠡᠨ ᠢᠳᠡᠵᠦ ᠤᠤᠭᠤᠬᠤ ᠶᠢ ᠴᠠᠭᠠᠵᠠᠯᠠᠬᠤ ᠲᠤᠬᠠᠶ ᠲᠣᠭᠲᠠᠭᠠᠯ ᠤᠨ ᠱᠠᠭᠠᠷᠳᠠᠯᠭ᠎ᠠ︾ ᠵᠡᠷᠭᠡ ᠠᠭᠤᠯᠭ᠎ᠠ ᠶᠢᠨ ᠲᠣᠭᠤᠷᠢᠨ ᠳᠤ ᠰᠤᠷᠤᠯᠴᠠᠵᠤ ᠰᠤᠳᠤᠯᠤᠨ | ᠶᠠᠷᠢᠯᠴᠠᠵᠤ᠂ ᠬᠤᠰᠢᠭᠤᠨ ᠤ ᠲᠠᠰ ᠤᠨ ᠨᠠᠮ ᠤᠨ ᠪᠤᠰᠤ ᠤᠳᠤᠷᠢᠳᠬᠤ ᠨᠥᠬᠦᠳ ᠰᠤᠯᠠ ᠣᠷᠣᠯᠴᠠᠪᠠ᠃ ᠬᠡᠰᠡᠭ ᠨᠥᠬᠦᠳ ᠲᠤᠬᠠᠢ ᠶᠢᠨ ᠲᠠᠯᠠᠪᠠᠢ ᠳᠤ ᠰᠠᠨᠠᠯ ᠢᠶᠠᠨ | ᠰᠣᠯᠢᠯᠴᠠᠵᠤ ᠰᠤᠳᠤᠯᠤᠨ ᠶᠠᠷᠢᠯᠴᠠᠵᠤ᠂ ᠪᠤᠰᠤᠳ ᠨᠥᠬᠦᠳ ᠪᠢᠴᠢᠭ ᠤᠨ ᠬᠡᠯᠪᠡᠷᠢ ᠪᠠᠷ ᠰᠤᠳᠤᠯᠤᠨ ᠶᠠᠷᠢᠯᠴᠠᠬᠤ ᠮᠠᠲ᠋ᠧᠷᠢᠶᠠᠯ ᠢᠶᠠᠨ ᠲᠤᠰᠢᠶᠠᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠭᠠᠵᠠᠷ ᠤᠨ ᠲᠡᠰ ᠤᠨ ᠤᠳᠤᠷᠢᠳᠤᠯᠭ᠎ᠠ ︽ᠵᠠᠩᠭᠢᠯᠠᠭ᠎ᠠ ᠶᠢᠨ ᠴᠥᠭᠡᠨ ᠲᠣᠭᠠᠲᠠᠨ︾ ᠪᠣᠯᠤᠭᠰᠠᠨ ᠤ ᠬᠤᠪᠢ ᠳᠤ᠂ | ᠰᠠᠬᠢᠯᠭ᠎ᠠ ᠪᠠᠲᠤ ᠶᠢᠨ ᠤᠯᠠᠭᠠᠨ ᠱᠤᠭᠤᠮ ᠢ ᠡᠷᠡᠰ ᠰᠠᠬᠢᠵᠤ᠂ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ | ᠰᠤᠷᠲᠠᠯ ᠤᠨ ᠪᠠᠶᠢᠭᠤᠯᠤᠯᠲᠠ ᠶᠢᠨ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠡᠷᠡᠰ ᠬᠠᠮᠠᠭᠠᠯᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ | ᠪᠡᠶᠡᠯᠡᠭᠦᠯᠬᠦ ᠬᠡᠷᠡᠭᠲᠡᠢ᠃ ᠪᠠᠶᠢᠴᠠᠭᠠᠵᠤ ᠭᠠᠷᠭᠠᠭᠰᠠᠨ ᠠᠰᠠᠭᠤᠳᠠᠯ ᠢ ᠭᠦᠨᠵᠡᠭᠡᠶ ᠳ᠋ᠦᠩᠨᠡᠵᠦ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠠᠰᠠᠭᠤᠳᠠᠯ ᠢ | ᠴᠡᠭᠴᠡᠯᠡᠨ ᠵᠠᠰᠠᠬᠤ ᠲᠠᠯ᠎ᠠ ᠪᠠᠷ ᠦᠨᠡᠨ ᠪᠣᠳᠠᠲᠠᠶ ᠪᠠ ᠠᠯᠤᠰ ᠬᠡᠲᠦ ᠶᠢᠨ ᠦᠷ᠎ᠡ ᠪᠦᠲᠦᠮᠵᠢ ᠣᠯᠬᠤ ᠪᠠᠷ ᠴᠢᠷᠮᠠᠶᠢᠬᠤ ᠬᠡᠷᠡᠭᠲᠡᠶ᠃ ︽ᠴᠢᠩᠭ᠎ᠠ ᠱᠠᠭᠠᠷᠳᠠᠯᠭ᠎ᠠ︾ | ᠪᠣᠯᠤᠨ ︽ᠳᠠᠷᠤᠭᠠᠰᠤ ᠶᠢ ᠬᠥᠩᠭᠡᠯᠡᠵᠦ ᠦᠷ᠎ᠡ ᠠᠰᠢᠭ ᠢ ᠨᠡᠮᠡᠭᠳᠡᠭᠦᠯᠬᠦ︾ ᠪᠠᠷᠢᠮᠵᠢᠶ᠎ᠠ ᠶᠢ ᠣᠨᠣᠪᠴᠢᠲᠠᠢ ᠡᠵᠡᠮᠳᠡᠵᠦ᠂ ᠲᠣᠭᠲᠠᠭᠠᠯ ᠠᠴᠠ ᠵᠥᠷᠢᠴᠡᠨ ᠢᠳᠡᠵᠦ | ᠤᠤᠭᠤᠬᠤ ᠶᠢ ᠴᠡᠭᠴᠡᠯᠡᠨ ᠵᠠᠰᠠᠬᠤ ᠪᠠ ᠦᠨᠳᠦᠰᠦᠨ ᠱᠠᠲᠤᠨ ᠤ ᠠᠵᠢᠯ ᠤᠨ ᠰᠠᠶᠢᠨ ᠬᠥᠭᠵᠢᠯᠲᠡ ᠶᠢ ᠠᠬᠢᠭᠤᠯᠬᠤ ᠶᠢ ᠣᠷᠭᠠᠨᠢᠭ ᠢᠶᠠᠷ ᠤᠶᠠᠯᠳᠤᠭᠤᠯᠬᠤ ᠶᠢ ᠦᠨᠡᠨᠬᠦ | ᠪᠡᠶᠡᠯᠡᠭᠦᠯᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠤᠯᠤᠰ ᠲᠦᠷᠦ ᠶᠢᠨ ᠬᠠᠷᠢᠭᠤᠴᠠᠯᠭ᠎ᠠ ᠪᠠᠨ ᠡᠭᠦᠷᠭᠡᠯᠡᠵᠦ᠂ ᠬᠤᠪᠢᠳᠠᠨ ᠬᠠᠮᠢᠶᠠᠷᠴᠤ | ᠪᠠᠶᠢᠭ᠎ᠠ ᠬᠦᠷᠢᠶ᠎ᠡ᠂ ᠬᠤᠪᠢᠳᠠᠨ ᠬᠠᠮᠢᠶᠠᠷᠴᠤ ᠪᠠᠶᠢᠭ᠎ᠠ ᠰᠠᠯᠠᠭ᠎ᠠ ᠮᠥᠴᠢᠷ ᠤᠨ ᠨᠠᠮ ᠤᠨ ᠭᠡᠰᠢᠭᠦᠨ ᠺᠠᠳ᠋ᠷᠴᠤᠳ ᠤᠨ ᠪᠠᠶᠢᠩᠭᠤ ᠶᠢᠨ ᠬᠥᠮᠦᠵᠢᠯ ᠢ ᠴᠢᠩᠭᠠᠳᠬᠠᠵᠤ᠂ | ᠳᠠᠷᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ | ᠬᠤᠷᠠᠯ ᠠᠴᠠ ᠡᠮᠦᠨ᠎ᠡ᠂ ᠬᠤᠰᠢᠭᠤᠨ ᠤ ᠱᠠᠲᠤᠨ ᠤ ᠨᠠᠮ ᠤᠨ ᠭᠡᠰᠢᠭᠦᠨ ᠤᠳᠤᠷᠢᠳᠬᠤ ᠨᠥᠬᠦᠳ ᠬᠤᠰᠢᠭᠤᠨ ᠤ ᠨᠠᠮ ᠤᠨ ᠬᠤᠷᠢᠶᠠᠨ ᠤ ᠨᠠᠮ ᠤᠨ | ᠰᠤᠷᠭᠠᠭᠤᠯᠢ ᠳᠤ ᠬᠦᠷᠴᠦ ᠰᠤᠷᠤᠯᠴᠠᠯᠭ᠎ᠠ ᠬᠥᠮᠦᠵᠢᠯ ᠤᠨ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠳᠤ ᠣᠷᠣᠯᠴᠠᠵᠤ᠂ ᠬᠠᠮᠲᠤ ᠪᠠᠷ ᠨᠠᠮᠴᠢ ᠴᠢᠨᠠᠷ ᠤᠨ | ᠬᠥᠮᠦᠵᠢᠯ ᠤᠨ ᠣᠷᠳᠣᠨ ᠢ ᠲᠣᠭᠤᠷᠢᠨ ᠦᠵᠡᠵᠦ᠂ ᠨᠠᠮ ᠳᠤ ᠣᠷᠣᠬᠤ ᠲᠠᠩᠭᠠᠷᠢᠭ ᠤᠨ ᠦᠭᠡᠰ ᠢᠶᠠᠨ ᠳᠠᠬᠢᠨ ᠤᠩᠰᠢᠪᠠ᠃ |