| | | | 6 ᠰᠠᠷ᠎ᠠ ᠶᠢᠨ 26 ᠤ ᠡᠳᠦᠷ᠂ ᠬᠤᠰᠢᠭᠤᠨ ᠤ ᠨᠠᠮ ᠤᠨ ᠬᠤᠷᠢᠶ᠎ᠡ ᠶᠢᠨ ᠱᠦᠵᠢ ᠶᠢᠨ ᠵᠢᠶᠠᠩ ᠪᠥᠸᠧ ᠶᠢᠨ ᠨᠠᠶᠢᠳᠠᠯᠭ᠎ᠠ ᠪᠠᠷ᠂ ᠬᠤᠰᠢᠭᠤᠨ ᠤ ᠨᠠᠮ ᠤᠨ | ᠬᠤᠷᠢᠶ᠎ᠡ ᠶᠢᠨ ᠳᠡᠳ᠋ ᠱᠦᠵᠢ᠂ ᠬᠤᠰᠢᠭᠤᠨ ᠤ ᠵᠠᠰᠠᠭ ᠤᠨ ᠣᠷᠳᠣᠨ ᠤ ᠳᠠᠷᠤᠭ᠎ᠠ ᠲᠢᠶᠠᠨ ᠶᠦᠩ ᠰᠢᠶᠠᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠭᠠᠷᠢᠨ | ᠪᠠᠷᠠᠭᠤᠨ ᠬᠤᠰᠢᠭᠤᠨ ᠤ ᠨᠠᠮ ᠤᠨ ᠬᠤᠷᠢᠶ᠎ᠡ ᠶᠢᠨ ᠠᠷᠪᠠᠨ ᠵᠢᠷᠭᠤᠳᠤᠭᠠᠷ ᠬᠤᠭᠤᠴᠠᠭᠠᠨ ᠤ 132 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶ᠎ᠡ ᠶᠢᠨ ︵ | ᠥᠷᠭᠡᠳᠬᠡᠭᠰᠡᠨ︶ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠳᠡᠭᠡᠷ᠎ᠡ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ᠂ ᠰᠤᠷᠤᠯᠴᠠᠯᠭ᠎ᠠ ᠬᠥᠮᠦᠵᠢᠯ ᠤᠨ ᠲᠥᠪ ᠤᠨ | ᠶᠢᠰᠦᠳᠦᠭᠡᠷ ᠵᠢᠭᠠᠨ ᠵᠢᠯᠣᠭᠤᠳᠬᠤ ᠳᠤᠭᠤᠶᠢᠯᠠᠩ ᠤᠨ ᠥᠪᠥᠷ ᠮᠣᠩᠭᠤᠯ ᠤᠨ ᠠᠭᠤᠯᠵᠠᠯᠲᠠ ᠶᠢᠨ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠵᠣᠷᠢᠭ ᠰᠠᠨᠠᠭ᠎ᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠨᠢᠭᠡᠳᠦᠮᠡᠯ ᠹᠷᠣᠨᠲ ᠤᠨ ᠬᠡᠯᠲᠡᠰ ᠤᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠤᠨ ᠨᠠᠷᠢᠨ ᠲᠠᠩᠰᠠ ᠪᠠ ᠤᠳᠤᠷᠢᠳᠬᠤ ᠪᠠᠭ ᠤᠨ ᠪᠦᠷᠢᠯᠳᠦᠬᠦᠨ ᠤ ᠡᠭᠦᠷᠭᠡ | ᠬᠠᠷᠢᠭᠤᠴᠠᠯᠭ᠎ᠠ ᠶᠢᠨ ᠨᠠᠷᠢᠨ ᠲᠠᠩᠰᠠ︾᠂ ︽ᠯᠢᠦ ᠶᠢᠨ ᠭᠦᠸᠧ ᠨᠥᠬᠦᠷ ᠤᠨ 7 ᠮᠤᠵᠢ ᠣᠷᠣᠨ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ | ᠪᠠᠶᠢᠴᠠᠭᠠᠬᠤ ᠵᠥᠪᠯᠡᠯ ᠤᠨ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠶᠠᠷᠢᠯᠴᠠᠬᠤ ᠬᠤᠷᠠᠯ ᠳᠡᠭᠡᠷᠡᠬᠢ ᠶᠠᠷᠢᠶᠠᠨ ᠤ ᠲᠣᠪᠴᠢ︾ ᠶᠢᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠪᠠ︔ ᠪᠥᠬᠦ ᠬᠤᠰᠢᠭᠤᠨ ᠤ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ | ᠴᠡᠭᠴᠡᠯᠡᠨ ᠵᠠᠰᠠᠬᠤ ᠠᠵᠢᠯ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ︔ ︽ | ᠰᠤᠮᠤ ᠪᠠᠯᠭᠠᠰᠤ ︵ᠵᠡᠭᠡᠯᠢ ᠭᠤᠳᠤᠮᠵᠢ︶ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠵᠦᠢᠯᠡᠰ ᠤᠨ ᠨᠠᠷᠢᠨ ᠲᠠᠩᠰᠠ︾ ᠶᠢ ᠬᠢᠨᠠᠨ ᠵᠥᠪᠯᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠴᠧᠨ ᠶᠦᠨ ᠨᠥᠬᠦᠷ ᠤᠨ ᠡᠷᠬᠢᠮ | ᠳᠡᠭᠡᠳᠦ ᠤᠶᠤᠨ ᠰᠠᠨᠠᠭᠠᠨ ᠤ ᠬᠡᠪ ᠨᠠᠮᠪᠠ ᠶᠢ ᠨᠠᠷᠢᠨ ᠬᠢᠨᠠᠮᠠᠭᠠᠢ ᠰᠤᠷᠤᠯᠴᠠᠵᠤ᠂ ᠤᠳᠤᠷᠢᠳᠬᠤ ᠲᠤᠷᠰᠢᠯᠭ᠎ᠠ ᠶᠢ ᠪᠠᠶᠠᠯᠢᠭᠵᠢᠭᠤᠯᠵᠤ᠂ ᠰᠢᠨᠵᠢᠯᠡᠬᠦ ᠤᠬᠠᠭᠠᠨᠴᠢ ᠦᠵᠡᠯ | ᠰᠠᠨᠠᠭ᠎ᠠ ᠠᠷᠭ᠎ᠠ ᠬᠡᠮᠵᠢᠶ᠎ᠡ ᠪᠣᠯᠤᠨ ᠠᠵᠢᠯᠯᠠᠬᠤ ᠠᠷᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠠᠷᠠᠳ ᠤᠨ ᠪᠠᠶᠢᠳᠠᠯ ᠢ ᠪᠠᠷᠠᠯᠠᠬᠤ᠂ ᠠᠷᠠᠳ ᠤᠨ ᠰᠠᠨᠠᠭ᠎ᠠ ᠶᠢ | ᠰᠣᠨᠣᠰᠬᠤ᠂ ᠠᠷᠠᠳ ᠤᠨ ᠬᠡᠷᠡᠭᠴᠡᠭᠡ ᠶᠢ ᠠᠰᠠᠭᠤᠬᠤ᠂ ᠠᠷᠠᠳ ᠤᠨ ᠰᠠᠨᠠᠭ᠎ᠠ ᠶᠢ ᠣᠶᠢᠯᠠᠭᠠᠬᠤ ᠳᠤᠮᠳᠠ ᠠᠴᠠ ᠬᠦᠴᠢᠷ ᠠᠰᠠᠭᠤᠳᠠᠯ ᠢ ᠰᠢᠢᠳᠪᠦᠷᠢᠯᠡᠬᠦ᠂ | ᠬᠥᠭᠵᠢᠯᠲᠡ ᠶᠢ ᠠᠬᠢᠭᠤᠯᠬᠤ ᠦᠨᠡᠨ ᠪᠣᠳᠠᠲᠠᠢ ᠠᠷᠭ᠎ᠠ ᠪᠤᠳᠤᠯᠭ᠎ᠠ ᠶᠢ ᠤᠯᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠱᠠᠰᠢᠨ ᠰᠤᠷᠲᠠᠬᠤᠨ ᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠨᠠᠮ ᠤᠨ ᠱᠠᠰᠢᠨ | ᠰᠤᠷᠲᠠᠬᠤᠨ ᠤ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠬᠠᠮᠢᠶᠠᠷᠤᠯᠲᠠ ᠶᠢ | ᠴᠢᠩᠭᠠᠳᠬᠠᠵᠤ᠂ ᠱᠠᠰᠢᠨ ᠰᠤᠷᠲᠠᠬᠤᠨ ᠤ ᠠᠵᠢᠯᠯᠠᠭ᠎ᠠ ᠶᠢᠨ ᠲᠠᠯᠠᠪᠤᠷ ᠤᠨ ᠵᠢᠷᠤᠮᠵᠢᠭᠰᠠᠨ ᠬᠠᠮᠢᠶᠠᠷᠤᠯᠲᠠ ᠶᠢ ᠠᠬᠢᠭᠤᠯᠵᠤ᠂ ᠡᠯ᠎ᠡ ᠲᠦᠷᠦᠯ ᠤᠨ ᠵᠢᠭᠰᠠᠭᠠᠯ ᠤᠨ | ᠭᠠᠵᠠᠷ ᠤᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠱᠠᠰᠢᠨ ᠰᠤᠷᠲᠠᠬᠤᠨ ᠤ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ | ᠬᠡᠷᠡᠭᠲᠡᠢ ᠭᠡᠵᠠᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠭᠤᠣᠯ | ᠴᠣᠭᠴᠠ ᠶᠢᠨ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠰᠠᠶᠢᠲᠤᠷ ᠭᠦᠢᠴᠡᠳᠬᠡᠵᠦ᠂ ᠪᠠᠷᠢᠯᠭ᠎ᠠ ᠶᠢᠨ ᠶᠠᠰᠤ ᠴᠢᠨᠠᠷ ᠪᠣᠯᠤᠨ ᠪᠠᠷᠢᠯᠭ᠎ᠠ ᠶᠢᠨ ᠠᠮᠤᠷ ᠲᠦᠪᠰᠢᠨ ᠢ | ᠪᠠᠲᠤᠯᠠᠭᠰᠠᠨ ᠤᠷᠢᠲᠠᠯ ᠳᠣᠣᠷ᠎ᠠ᠂ ᠬᠤᠷᠳᠤᠴᠠ ᠪᠠᠨ ᠳᠡᠭᠡᠭᠰᠢᠯᠡᠭᠦᠯᠵᠦ᠂ ᠠᠬᠢᠴᠠ ᠪᠠᠨ ᠠᠳᠬᠤᠵᠤ᠂ ᠡᠷᠬᠡᠪᠰᠢ ᠲᠣᠭᠲᠠᠭᠰᠠᠨ ᠴᠠᠭ ᠤᠨ ᠳᠠᠷᠠᠭᠠᠯᠠᠯ ᠶᠣᠰᠣᠭᠠᠷ | ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠡᠶᠡᠯᠡᠭᠦᠯᠬᠦ ᠬᠡᠷᠡᠭᠲᠡᠢ᠃ ᠬᠤᠶᠠᠳᠤᠭᠠᠷ ᠤᠯᠠᠷᠢᠯ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ | ᠬᠠᠷᠠᠯᠲᠠ ᠶᠢ ᠲᠣᠭᠲᠠᠭᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠨᠡᠩ ᠤᠯᠠᠨ ᠪᠣᠳᠠᠲᠤ ᠪᠣᠳᠠᠰ ᠤᠨ ᠠᠵᠢᠯ ᠤᠨ ᠬᠡᠮᠵᠢᠶ᠎ᠡ ᠶᠢ ᠪᠦᠷᠢᠯᠳᠦᠭᠦᠯᠬᠦ ᠶᠢ | ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠲᠥᠷᠥᠯ ᠵᠦᠢᠯ ᠢ ᠲᠥᠯᠥᠪᠯᠡᠨ ᠨᠥᠭᠡᠴᠡᠯᠡᠬᠦ ᠶᠢ ᠰᠠᠶᠢᠲᠤᠷ ᠬᠢᠵᠦ᠂ ᠳᠡᠭᠡᠳᠦ ᠱᠠᠲᠤᠨ ᠤ ᠭᠤᠤᠯ ᠰᠠᠯᠠᠭ᠎ᠠ | ᠮᠥᠴᠢᠷ ᠯᠦᠭᠡ ᠨᠡᠪᠲᠡᠷᠡᠯᠴᠡᠨ ᠵᠣᠯᠭᠠᠭᠤᠯᠬᠤ ᠡᠷᠴᠢᠮ ᠢ ᠴᠢᠩᠭᠠᠷᠠᠭᠤᠯᠵᠤ᠂ ᠮᠠᠨ ᠤ ᠬᠤᠰᠢᠭᠤᠨ ᠤ ᠨᠠᠩ ᠣᠯᠠᠨ ᠲᠥᠷᠥᠯ ᠵᠦᠢᠯ ᠢ ᠥᠪᠡᠷᠲᠡᠭᠡᠨ ᠵᠠᠰᠠᠬᠤ ᠣᠷᠣᠨ᠂ | ᠤᠯᠠᠭᠠᠨᠬᠠᠳᠠ ᠬᠤᠲᠠ ᠶᠢᠨ ᠲᠥᠷᠥᠯ ᠵᠦᠢᠯ ᠤᠨ ᠬᠥᠮᠥᠷᠭᠡ ᠶᠢᠨ ᠨᠠᠷᠢᠨ ᠲᠠᠩᠰᠠ ᠳᠤ ᠣᠷᠣᠭᠤᠯᠵᠤ᠂ ᠲᠥᠷᠥᠯ ᠵᠦᠢᠯ ᠤᠨ ᠪᠠᠯᠠ ᠮᠥᠩᠭᠦ ᠶᠢ ᠲᠡᠮᠡᠴᠡᠨ ᠤᠯᠬᠤ ᠳᠤ | ᠴᠢᠬᠤᠯᠠ ᠲᠤᠯᠭᠠᠭᠤᠷᠢᠯᠠᠯ ᠬᠠᠩᠭᠠᠬᠤ ᠬᠡᠷᠡᠭᠲᠡᠶ ᠭᠡᠪᠡ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | | | |