| | | | 6 ᠰᠠᠷ᠎ᠠ ᠶᠢᠨ 26 ᠤ ᠡᠳᠦᠷ᠂ ᠪᠠᠭᠠᠷᠢᠨ ᠪᠠᠷᠠᠭᠤᠨ ᠬᠤᠰᠢᠭᠤᠨ ᠤ ᠵᠠᠰᠠᠭ ᠤᠨ ᠤᠷᠳᠤᠨ ᠤ ᠪᠠᠩᠬᠢ ᠶᠢᠨ ᠠᠵᠤ ᠠᠬᠤᠶᠢᠯᠠᠯ ᠲᠠᠢ ᠵᠣᠯᠭᠠᠭᠤᠯᠬᠤ ᠶᠠᠷᠢᠯᠴᠠᠬᠤ | ᠬᠤᠷᠠᠯ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠶᠢᠨ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢᠨ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠠᠩᠬᠢ ᠪᠠ ᠠᠵᠤ ᠠᠬᠤᠶᠢᠯᠠᠯ ᠢ ᠵᠣᠯᠭᠠᠭᠤᠯᠬᠤ ᠰᠣᠯᠢᠯᠴᠠᠭ᠎ᠠ ᠬᠠᠮᠲᠤᠷᠠᠯᠴᠠᠭᠠᠨ ᠤ | ᠲᠠᠪᠴᠠᠩ ᠢ ᠤᠯᠠᠮ ᠨᠢᠭᠡ ᠠᠯᠬᠤᠮ ᠪᠠᠶᠢᠭᠤᠯᠵᠤ᠂ ᠣᠷᠳᠣ ᠬᠤᠭᠤᠴᠠᠭ᠎ᠠ ᠪᠠᠷ ᠲᠣᠭᠲᠠᠭᠤᠨ᠂ ᠬᠠᠷᠢᠯᠴᠠᠨ ᠠᠬᠢᠭᠤᠯᠬᠤ᠂ ᠡᠯ᠎ᠡ ᠲᠠᠯ᠎ᠠ ᠶᠢᠨ ᠬᠢᠨ ᠣᠯᠠᠨ ᠲᠠᠯ᠎ᠠ ᠪᠠᠷ | ᠠᠰᠢᠭ ᠭᠥᠷᠳᠡᠬᠦ ᠪᠠᠩᠬᠢ ᠪᠠ ᠠᠵᠤ ᠠᠬᠤᠶᠢᠯᠠᠯ ᠤᠨ ᠬᠠᠮᠲᠤᠷᠠᠯᠴᠠᠭᠠᠨ ᠤ ᠪᠠᠶᠢᠳᠠᠯ ᠢ ᠭᠦᠨᠵᠡᠭᠡᠶ ᠠᠬᠢᠭᠤᠯᠪᠠ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ | ᠳᠡᠳ᠋ ᠳᠠᠷᠤᠭ᠎ᠠ ᠰᠢᠤᠢ ᠮᠢᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ᠂ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠨᠥᠬᠦᠳ ᠵᠢᠴᠢ 26 ᠠᠵᠤ ᠠᠬᠤᠶᠢᠯᠠᠯ ᠤᠨ ᠲᠥᠯᠥᠭᠡᠯᠡᠭᠴᠢ ᠬᠤᠷᠠᠯ ᠳᠤ ᠣᠷᠣᠯᠴᠠᠵᠠᠶ᠃ | ᠬᠤᠷᠠᠯ ᠳᠡᠭᠡᠷ᠎ᠡ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ 1 - 5 ᠰᠠᠷ᠎ᠠ ᠶᠢᠨ ᠪᠥᠬᠦ ᠬᠤᠰᠢᠭᠤᠨ ᠤ ᠬᠠᠳᠠᠭᠠᠯᠠᠮᠵᠢ | ᠵᠢᠭᠡᠯᠡᠯᠭᠡ ᠶᠢᠨ ᠪᠠᠶᠢᠳᠠᠯ ᠢ ᠮᠡᠳᠡᠭᠳᠡᠵᠦ᠂ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠣᠳᠠᠲᠠᠶ ᠢᠲᠡᠭᠡᠮᠵᠢᠲᠦ ᠵᠢᠭᠡᠯᠡᠯᠭᠡ ᠶᠢᠨ ᠦᠢᠯᠡᠴᠢᠯᠡᠬᠡᠨ ᠤ ᠦᠢᠯᠡᠳᠬᠦᠨ ᠢ | ᠲᠠᠨᠢᠯᠴᠠᠭᠤᠯᠵᠤ᠂ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢᠨ ᠲᠤᠬᠠᠶ ᠰᠠᠨᠠᠯ ᠢᠶᠠᠨ ᠭᠦᠨᠵᠡᠭᠡᠶ ᠰᠣᠯᠢᠯᠴᠠᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠪᠠᠩᠬᠢ ᠶᠢᠨ ᠬᠢᠨ ᠢᠲᠡᠭᠡᠮᠵᠢᠲᠦ ᠵᠢᠭᠡᠯᠡᠯᠭᠡ ᠶᠢᠨ ᠰᠡᠳᠬᠢᠬᠦᠢ ᠪᠠᠨ ᠬᠤᠪᠢᠷᠠᠭᠤᠯᠵᠤ᠂ ᠰᠠᠨᠠᠭᠠᠴᠢᠯᠠᠭ᠎ᠠ ᠠᠴᠠ ᠪᠠᠨ | ᠠᠵᠤ ᠠᠬᠤᠶᠢᠯᠠᠯ ᠳᠤ ᠦᠢᠯᠡᠴᠢᠯᠡᠵᠦ᠂ ᠢᠲᠡᠭᠡᠮᠵᠢᠲᠦ ᠵᠢᠭᠡᠯᠡᠯᠭᠡ ᠲᠠᠯᠪᠢᠬᠤ ᠶᠢ ᠴᠢᠩᠭᠠᠳᠬᠠᠵᠤ᠂ ᠪᠡᠯᠡ ᠲᠣᠬᠢᠷᠠᠭᠤᠯᠭ᠎ᠠ ᠶᠢᠨ ᠬᠦᠴᠢᠷ ᠠᠰᠠᠭᠤᠳᠠᠯ ᠢ ᠰᠢᠢᠳᠪᠦᠷᠢᠯᠡᠬᠦ | ᠬᠡᠷᠡᠭᠲᠡᠢ︔ ᠠᠵᠤ ᠠᠬᠤᠶᠢᠯᠠᠯ ᠤᠨ ᠬᠢᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠲᠠᠢ | ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠪᠡᠯᠡ ᠲᠣᠬᠢᠷᠠᠭᠤᠯᠭ᠎ᠠ ᠶᠢᠨ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ︔ ᠡᠯ᠎ᠡ ᠰᠠᠯᠠᠭ᠎ᠠ ᠮᠥᠴᠢᠷ ᠤᠨ ᠬᠢᠨ | ᠦᠢᠯᠡᠴᠢᠯᠡᠭᠡ ᠪᠠᠨ ᠦᠷᠭᠦᠯᠵᠢᠯᠡᠨ ᠰᠢᠯᠢᠳᠡᠭᠵᠢᠭᠦᠯᠵᠦ᠂ ᠨᠡᠪᠲᠡᠷᠡᠯᠴᠡᠬᠦ ᠬᠥᠭᠦᠷᠭᠡ ᠶᠢ ᠪᠠᠶᠢᠭᠤᠯᠵᠤ᠂ ᠠᠵᠤ ᠠᠬᠤᠶᠢᠯᠠᠯ ᠤᠨ ᠪᠠᠴᠢᠮ ᠬᠦᠴᠢᠷ ᠵᠣᠪᠠᠭᠤᠷᠢ ᠬᠦᠰᠡᠯ | ᠡᠷᠡᠮᠡᠯᠵᠡᠯ ᠤᠨ ᠠᠰᠠᠭᠤᠳᠠᠯ ᠢ ᠤᠨᠢᠨ ᠳᠡᠭᠡᠷ᠎ᠡ ᠨᠢ ᠰᠢᠢᠳᠪᠦᠷᠢᠯᠡᠵᠦ᠂ ᠴᠢᠨᠠᠷ ᠰᠠᠶᠢᠲᠠᠢ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ | ᠭᠡᠵᠠᠢ᠃ | ᠬᠤᠷᠠᠯ ᠠᠴᠠ ᠱᠠᠭᠠᠷᠳᠠᠭᠰᠠᠨ ᠨᠢ᠂ ᠵᠠᠰᠠᠭ ᠤᠨ ᠣᠷᠳᠣᠨ᠂ ᠪᠠᠩᠬᠢ ᠪᠣᠯᠤᠨ ᠠᠵᠤ ᠠᠬᠤᠶᠢᠯᠠᠯ ᠤᠨ ᠬᠤᠭᠤᠷᠣᠨᠳᠣᠬᠢ ᠨᠡᠪᠲᠡᠷᠡᠯᠴᠡᠭᠡ ᠶᠢᠨ ᠡᠷᠴᠢᠮ ᠢ | ᠦᠷᠭᠦᠯᠵᠢᠯᠡᠨ ᠴᠢᠩᠭᠠᠳᠬᠠᠵᠤ᠂ ︽ᠪᠠᠩᠬᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ᠂ ᠪᠠᠩᠬᠢ ᠳᠡᠮᠵᠢᠬᠦ᠂ ᠠᠵᠤ ᠠᠬᠤᠶᠢᠯᠠᠯ ᠢᠲᠡᠭᠡᠮᠵᠢᠲᠡᠢ᠂ ᠰᠠᠯᠠᠭ᠎ᠠ ᠮᠥᠴᠢᠷ | ᠬᠠᠷᠢᠭᠤᠴᠠᠯᠭ᠎ᠠ ᠪᠠᠨ ᠭᠦᠢᠴᠡᠳᠬᠡᠬᠦ︾ ᠵᠠᠷᠴᠢᠮ ᠢ ᠪᠠᠷᠢᠮᠲᠠᠯᠠᠵᠤ᠂ ᠪᠠᠩᠬᠢ ᠪᠠ ᠠᠵᠤ ᠠᠬᠤᠶᠢᠯᠠᠯ ᠤᠨ ᠢᠲᠡᠭᠡᠯᠴᠡᠭᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠣᠷᠳᠣ | ᠬᠤᠭᠤᠴᠠᠭ᠎ᠠ ᠪᠠᠷ ᠲᠣᠭᠲᠠᠭᠤᠨ᠂ ᠬᠠᠷᠢᠯᠴᠠᠨ ᠠᠰᠢᠭ ᠣᠯᠭᠤᠵᠤ ᠬᠠᠮᠲᠤ ᠪᠠᠷ ᠠᠰᠢᠭ ᠭᠥᠷᠳᠡᠬᠦ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠪᠥᠬᠦ ᠬᠤᠰᠢᠭᠤᠨ ᠤ | ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠶ ᠭᠡᠪᠡ᠃ |