| | | ᠦᠨᠳᠦᠰᠦᠨ ᠱᠠᠲᠤᠨ ᠤ ᠮᠠᠯ ᠠᠵᠤ ᠠᠬᠤᠶ ᠲᠡᠵᠢᠭᠡᠨ ᠦᠷᠡᠵᠢᠭᠦᠯᠬᠦ ᠬᠢᠷᠢ ᠲᠦᠪᠰᠢᠨ ᠢ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨᠴᠢ ᠪᠠᠷ ᠲᠡᠵᠢᠭᠡᠨ | ᠦᠷᠡᠵᠢᠭᠦᠯᠬᠦ ᠮᠡᠷᠭᠡᠵᠢᠯ᠂ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠮᠡᠳᠡᠯᠭᠡ ᠪᠠ ᠲᠡᠵᠢᠭᠡᠨ ᠦᠷᠡᠵᠢᠭᠦᠯᠬᠦ ᠥᠪᠡᠷ ᠤᠨ ᠥᠷᠲᠡᠭ ᠢ ᠡᠵᠡᠮᠳᠡᠬᠦ ᠠᠷᠭ᠎ᠠ ᠶᠢ | ᠬᠡᠷᠡᠭᠵᠢᠭᠦᠯᠵᠦ᠂ ᠲᠡᠵᠢᠭᠡᠨ ᠦᠷᠡᠵᠢᠭᠦᠯᠬᠦ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ 6 ᠰᠠᠷ᠎ᠠ ᠶᠢᠨ 24 ᠤ ᠡᠳᠦᠷ ᠠᠴᠠ | 25 ᠤ ᠡᠳᠦᠷ ᠪᠣᠯᠲᠠᠯ᠎ᠠ᠂ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠮᠡᠷᠭᠡᠵᠢᠯ ᠤᠨ ᠵᠢᠭᠠᠨ | ᠰᠤᠷᠭᠠᠯᠲᠠ ᠶᠢᠨ ᠲᠤᠰᠬᠠᠶ ᠮᠡᠷᠭᠡᠵᠢᠯᠲᠡᠨ ᠳ᠋ᠦᠩ ᠵᠢᠶᠦ᠋ᠨ ᠢ ᠪᠠᠶᠠᠨᠲᠠᠯ᠎ᠠ ᠰᠤᠮᠤ᠂ ᠪᠠᠶᠠᠨᠬᠤᠰᠢᠭᠤ ᠪᠠᠯᠭᠠᠰᠤ ᠪᠠ ᠰᠢᠷᠠᠮᠥ᠋ᠷᠡᠨ ᠰᠤᠮᠤ ᠳᠤ ᠤᠷᠢᠵᠤ᠂ ᠲᠤᠬᠠᠶ ᠶᠢᠨ | ᠭᠠᠵᠠᠷ ᠤᠨ ᠲᠡᠵᠢᠭᠡᠨ ᠦᠷᠡᠵᠢᠭᠦᠯᠬᠦ ᠡᠷᠦᠬᠡ ᠳᠤ ᠮᠠᠯ ᠠᠵᠤ ᠠᠬᠤᠶ ᠲᠡᠵᠢᠭᠡᠨ ᠦᠷᠡᠵᠢᠭᠦᠯᠬᠦ ᠮᠡᠳᠡᠯᠭᠡ ᠶᠢ ᠵᠢᠭᠠᠵᠤ ᠤᠯᠠᠮᠵᠢᠯᠠᠪᠠ᠃ | ᠪᠤᠯᠪᠠᠰᠤᠷᠠᠯ ᠤᠨ ᠬᠢᠴᠢᠶᠡᠯ ᠳᠡᠭᠡᠷ᠎ᠡ᠂ ᠳ᠋ᠦᠩ ᠵᠢᠶᠦ᠋ᠨ ᠲᠡᠵᠢᠭᠡᠨ ᠦᠷᠡᠵᠢᠭᠦᠯᠬᠦ ᠡᠷᠦᠬᠡ ᠶᠢᠨ ᠰᠠᠨᠠᠭᠠᠰᠢᠷᠠᠵᠤ ᠪᠠᠶᠢᠭ᠎ᠠ ᠡᠪᠡᠳᠴᠢᠨ ᠡᠮᠭᠡᠭ ᠢ ᠰᠡᠷᠭᠡᠶᠢᠯᠡᠨ | ᠵᠠᠰᠠᠬᠤ ᠪᠠ ᠥᠪᠡᠷ ᠤᠨ ᠥᠷᠲᠡᠭ ᠢ ᠡᠵᠡᠮᠳᠡᠬᠦ ᠬᠤᠶᠠᠷ ᠶᠡᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠦᠨ ᠬᠢᠴᠢᠶᠡᠯ ᠣᠷᠣᠵᠤ᠂ ᠠᠮᠢᠲᠠᠨ ᠤ ᠪᠠᠶᠢᠩᠭᠤ | ᠲᠣᠬᠢᠶᠠᠯᠳᠤᠳᠠᠭ ᠡᠪᠡᠳᠴᠢᠨ ᠤ ᠢᠯᠡᠷᠡᠯ᠂ ᠡᠭᠡᠯᠢᠯᠡᠭᠡ ᠶᠢ ᠵᠢᠷᠤᠮᠵᠢᠭᠤᠯᠤᠨ ᠠᠵᠢᠯᠯᠠᠭᠤᠯᠬᠤ᠂ ᠨᠢᠶᠠᠨ ᠳᠠᠷᠤᠭᠴᠢ ᠶᠢ ᠬᠡᠷᠡᠭᠯᠡᠬᠦ᠂ ᠲᠡᠵᠢᠭᠡᠯ ᠪᠣᠷᠳᠤᠭ᠎ᠠ ᠲᠣᠬᠢᠷᠠᠭᠤᠯᠬᠤ | ᠂ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠬᠢᠵᠢᠭ ᠡᠪᠡᠳᠴᠢᠨ ᠢ ᠰᠡᠷᠭᠡᠶᠢᠯᠡᠬᠦ ᠵᠡᠷᠭᠡ ᠲᠠᠯ᠎ᠠ ᠪᠠᠷ ᠨᠠᠷᠢᠨ ᠲᠠᠶᠢᠯᠪᠤᠷᠢᠯᠠᠵᠤ᠂ ᠵᠢᠱᠢᠶ᠎ᠡ ᠲᠠᠢ ᠤᠶᠠᠯᠳᠤᠭᠤᠯᠤᠨ | ᠲᠡᠵᠢᠭᠡᠨ ᠦᠷᠡᠵᠢᠭᠦᠯᠬᠦ ᠡᠷᠦᠬᠡ ᠳᠤ ᠬᠡᠷᠡᠭᠯᠡᠭᠡᠨ ᠤ ᠲᠥᠰᠦᠯ ᠬᠠᠩᠭᠠᠵᠤ᠂ ᠡᠮ ᠬᠡᠷᠡᠭᠯᠡᠬᠦ ᠠᠳᠡᠭᠦᠷᠡᠯ ᠢ ᠵᠠᠯᠠᠷᠠᠭᠤᠯᠵᠤ᠂ ᠰᠢᠨᠵᠢᠯᠡᠬᠦ ᠤᠬᠠᠭᠠᠨᠴᠢ ᠪᠠᠷ ᠡᠮᠨᠡᠨ ᠵᠠᠰᠠᠬᠤ | ᠠᠷᠭ᠎ᠠ ᠪᠠᠷᠢᠯ ᠢ ᠤᠯᠠᠮᠵᠢᠯᠠᠵᠤ᠂ ᠡᠭᠦᠨ ᠤ ᠤᠯᠠᠮ ᠠᠴᠠ ᠡᠮᠴᠢᠯᠡᠭᠡ ᠬᠢᠭᠡᠳ ᠲᠡᠵᠢᠭᠡᠯ ᠪᠣᠷᠳᠣᠭᠠᠨ ᠤ ᠥᠪᠡᠷ ᠤᠨ ᠥᠷᠲᠡᠭ ᠤᠨ ᠵᠠᠷᠤᠯᠭ᠎ᠠ ᠶᠢ ᠪᠠᠭᠠᠰᠬᠠᠬᠤ ᠶᠢ | ᠶᠠᠷᠢᠵᠤ ᠲᠠᠶᠢᠯᠪᠤᠷᠢᠯᠠᠪᠡ᠃ ᠡᠭᠦᠨ ᠠᠴᠠ ᠭᠠᠳᠠᠨ᠎ᠠ᠂ ᠳ᠋ᠦᠩ ᠵᠢᠶᠦ᠋ᠨ ᠲᠡᠵᠢᠭᠡᠨ ᠦᠷᠡᠵᠢᠭᠦᠯᠬᠦ ᠡᠷᠦᠬᠡ ᠶᠢᠨ ᠬᠡᠷ ᠪᠣᠯᠤᠨ ᠲᠡᠵᠢᠭᠡᠨ ᠦᠷᠡᠵᠢᠭᠦᠯᠬᠦ ᠲᠠᠯᠠᠪᠠᠶ ᠳᠤ | ᠭᠦᠨᠵᠡᠭᠡᠶᠢᠷᠡᠨ᠂ ᠲᠡᠵᠢᠭᠡᠨ ᠦᠷᠡᠵᠢᠭᠦᠯᠬᠦ ᠪᠣᠳᠠᠲᠠᠶ ᠬᠦᠴᠢᠷ ᠠᠰᠠᠭᠤᠳᠠᠯ ᠳᠤ ᠴᠢᠭᠯᠡᠭᠦᠯᠦᠨ ︽ᠰᠤᠳᠠᠯ ᠪᠠᠷᠢᠵᠤ ᠣᠨᠣᠰᠢᠯᠠᠬᠤ︾ ᠠᠷᠭ᠎ᠠ ᠬᠡᠮᠵᠢᠶ᠎ᠡ ᠠᠪᠴᠤ᠂ | ᠲᠡᠵᠢᠭᠡᠨ ᠦᠷᠡᠵᠢᠭᠦᠯᠬᠦ ᠡᠷᠦᠬᠡ ᠶᠢᠨ ᠬᠦᠴᠢᠷ ᠲᠦᠪᠡᠭᠲᠡᠶ ᠠᠰᠠᠭᠤᠳᠠᠯ ᠢ ᠦᠨᠡᠨ ᠬᠦ ᠰᠢᠢᠳᠪᠦᠷᠢᠯᠡᠪᠡ᠃ | ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠠᠶᠢᠨ ᠳᠤᠷ᠎ᠠ ᠶᠢᠨ ᠦᠢᠯᠡᠴᠢᠯᠡᠭᠴᠢ ᠪᠠᠰᠠ ᠪᠣᠯᠪᠠᠰᠤᠷᠠᠯ ᠳᠤ ᠣᠷᠣᠯᠴᠠᠬᠤ ᠪᠠᠷ ᠢᠷᠡᠭᠰᠡᠨ ᠲᠡᠵᠢᠭᠡᠨ ᠦᠷᠡᠵᠢᠭᠦᠯᠬᠦ | ᠡᠷᠦᠬᠡ ᠳᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠤᠭᠤᠲᠠ ᠲᠠᠷᠬᠠᠭᠠᠵᠤ᠂ ᠡᠭᠦᠨ ᠳᠤ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ᠂ | ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠵᠡᠷᠭᠡ ᠲᠠᠯ᠎ᠠ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠮᠠᠲ᠋ᠧᠷᠢᠶᠠᠯ ᠵᠡᠷᠭᠡ ᠶᠢ ᠪᠠᠭᠲᠠᠭᠠᠵᠤ | ᠂ ᠮᠠᠯᠴᠢᠨ ᠲᠠᠷᠢᠶᠠᠴᠢᠨ ᠢ ᠬᠠᠪᠰᠤᠷᠤᠨ ᠦᠢᠯᠡᠳᠪᠦᠷᠢᠯᠡᠯ ᠠᠮᠢᠳᠤᠷᠠᠯ ᠤᠨ ᠳᠤᠮᠳᠠ ᠰᠢᠨᠵᠢᠯᠡᠬᠦ ᠤᠬᠠᠭᠠᠨ ᠤ ᠮᠡᠳᠡᠯᠭᠡ ᠶᠢ ᠨᠠᠩ ᠰᠠᠶᠢᠨ ᠬᠡᠷᠡᠭᠯᠡᠬᠦᠯᠦᠨ᠎ᠡ᠃ | ᠲᠣᠰ ᠤᠳᠠᠭᠠᠨ ᠤ ᠠᠵᠢᠯᠯᠠᠭ᠎ᠠ ᠪᠣᠯ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠰᠢᠨᠵᠢᠯᠡᠬᠦ ᠤᠬᠠᠭᠠᠨ ᠮᠡᠷᠭᠡᠵᠢᠯ ᠢ | ᠲᠦᠭᠡᠮᠡᠯᠵᠢᠭᠦᠯᠬᠦ ᠡᠬᠢ ᠪᠠᠶᠠᠯᠢᠭ ᠢ ᠦᠨᠳᠦᠰᠦᠨ ᠱᠠᠲᠤᠨ ᠳᠤ ᠬᠦᠷᠭᠡᠬᠦ ᠴᠢᠬᠤᠯᠠ ᠠᠷᠭ᠎ᠠ ᠬᠡᠮᠵᠢᠶ᠎ᠡ ᠪᠠᠶᠢᠵᠤ᠂ ᠲᠡᠵᠢᠭᠡᠨ ᠦᠷᠡᠵᠢᠭᠦᠯᠬᠦ ᠡᠷᠦᠬᠡ ᠶᠢᠨ ᠰᠢᠨᠵᠢᠯᠡᠬᠦ | ᠤᠬᠠᠭᠠᠨᠴᠢ ᠪᠠᠷ ᠲᠡᠵᠢᠭᠡᠨ ᠦᠷᠡᠵᠢᠭᠦᠯᠬᠦ ᠤᠷ᠎ᠠ ᠴᠢᠳᠠᠪᠤᠷᠢ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ ᠪᠠᠰᠠ ᠲᠤᠬᠠᠶ ᠶᠢᠨ ᠭᠠᠵᠠᠷ ᠤᠨ ᠮᠠᠯ ᠠᠵᠤ ᠠᠬᠤᠶ ᠶᠢᠨ | ᠠᠵᠤ ᠦᠢᠯᠡᠰ ᠲᠤ ᠰᠢᠨᠵᠢᠯᠡᠬᠦ ᠤᠬᠠᠭᠠᠨ ᠮᠡᠷᠭᠡᠵᠢᠯ ᠤᠨ ᠬᠥᠳᠡᠯᠭᠡᠬᠦ ᠬᠦᠴᠦᠨ ᠨᠡᠮᠡᠷᠢᠯᠡᠭᠰᠡᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠰᠢᠨᠵᠢᠯᠡᠬᠦ | ᠤᠬᠠᠭᠠᠨ ᠮᠡᠷᠭᠡᠵᠢᠯ ᠤᠨ ᠨᠡᠶᠢᠭᠡᠮᠯᠢᠭ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠰᠢᠨᠵᠢᠯᠡᠬᠦ ᠤᠬᠠᠭᠠᠨ | ᠮᠡᠷᠭᠡᠵᠢᠯ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠨᠠᠩ ᠣᠯᠠᠨ ᠦᠨᠳᠦᠰᠦᠨ ᠱᠠᠲᠤᠨ ᠤ ᠣᠯᠠᠨ ᠲᠦᠮᠡᠨ ᠳᠤ | ᠰᠢᠨᠵᠢᠯᠡᠬᠦ ᠤᠬᠠᠭᠠᠨᠴᠢ ᠲᠡᠵᠢᠭᠡᠨ ᠦᠷᠡᠵᠢᠭᠦᠯᠬᠦ ᠦᠷ᠎ᠡ ᠪᠦᠲᠦᠭᠡᠯ ᠢ ᠬᠠᠮᠲᠤ ᠪᠠᠷ ᠡᠳ᠋ᠯᠡᠭᠦᠯᠦᠨ᠎ᠡ᠃ |