| | | | ᠰᠢᠨᠬᠤᠸᠠ ᠬᠤᠷᠢᠶᠠᠨ ᠤ ᠪᠡᠭᠡᠵᠢᠩ ᠤᠨ 6 ᠳ᠋ᠤᠭᠠᠷ ᠰᠠᠷ᠎ᠠ ᠶᠢᠨ 24 ᠤ ᠴᠠᠬᠢᠯᠭᠠᠨ ᠮᠡᠳᠡᠭᠡ 6 ᠳ᠋ᠤᠭᠠᠷ ᠰᠠᠷ᠎ᠠ ᠶᠢᠨ 24 ᠤ ᠦᠳᠡ ᠶᠢᠨ ᠡᠮᠦᠨ᠎ᠡ᠂ | ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠠᠯᠪᠠᠨ ᠶᠣᠰᠣᠨ ᠤ ᠠᠶᠢᠯᠴᠢᠯᠠᠯᠲᠠ | ᠬᠢᠬᠦ ᠪᠠᠷ ᠢᠷᠡᠭᠰᠡᠨ ᠰᠢᠩᠭᠠᠫᠤᠷ ᠤᠨ ᠶᠡᠷᠦᠩᠬᠡᠢ ᠰᠠᠶᠢᠳ ᠬᠤᠸᠠᠩ ᠰᠢᠶᠦ᠋ᠨ ᠼᠠᠢ ᠲᠠᠢ ᠠᠭᠤᠯᠵᠠᠯᠲᠠ ᠬᠢᠪᠡ᠃ | | | | | | 6 ᠳ᠋ᠤᠭᠠᠷ ᠰᠠᠷ᠎ᠠ ᠶᠢᠨ 24 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ | ᠲᠠᠩᠬᠢᠮ ᠳᠤ ᠳᠤᠮᠳᠠᠳᠤ ᠤᠯᠤᠰ ᠲᠤ ᠠᠯᠪᠠᠨ ᠶᠣᠰᠣᠨ ᠤ ᠠᠶᠢᠯᠴᠢᠯᠠᠯᠲᠠ ᠬᠢᠬᠦ ᠪᠠᠷ ᠢᠷᠡᠭᠰᠡᠨ ᠰᠢᠩᠭᠠᠫᠤᠷ ᠤᠨ ᠶᠡᠷᠦᠩᠬᠡᠶ ᠰᠠᠶᠢᠳ ᠬᠤᠸᠠᠩ ᠰᠢᠶᠦ᠋ᠨ ᠼᠠᠢ ᠲᠠᠢ | ᠠᠭᠤᠯᠵᠠᠯᠲᠠ ᠬᠢᠪᠡ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠶᠤᠸᠠᠢ ᠶᠤᠸᠠᠢ ᠸᠧᠢ ᠰᠡᠭᠦᠳᠡᠷᠯᠡᠪᠡ | | ᠰᠢ ᠶᠢᠨ ᠫᠢᠩ ᠬᠤᠸᠠᠩ ᠰᠢᠶᠦ᠋ᠨ ᠼᠠᠢ ᠶᠢᠨ ᠰᠣᠩᠭᠤᠭᠤᠯᠢ ᠪᠠᠷ ᠦᠷᠭᠦᠯᠵᠢᠯᠡᠨ ᠲᠤᠰᠢᠶᠠᠯ ᠬᠠᠷᠢᠭᠤᠴᠠᠬᠤ ᠪᠣᠯᠣᠭᠰᠠᠨ ᠳᠤ ᠪᠠᠶᠠᠷ ᠬᠦᠷᠭᠡᠪᠡ᠃ ᠰᠢ ᠶᠢᠨ | ᠫᠢᠩ ᠵᠢᠭᠠᠵᠤ ᠭᠠᠷᠭᠠᠬᠤ ᠳᠤ ᠪᠠᠨ᠂ ᠡᠨᠡ ᠵᠢᠯ ᠪᠣᠯ ᠳᠤᠮᠳᠠᠳᠤ ᠪᠠ ᠰᠢᠩᠭᠠᠫᠤᠷ ᠤᠨ ᠭᠠᠳᠠᠭᠠᠳᠤ ᠬᠠᠷᠢᠴᠠᠭ᠎ᠠ ᠪᠠᠶᠢᠭᠤᠯᠤᠭᠰᠠᠨ 35 ᠵᠢᠯ ᠤᠨ ᠤᠢ ᠪᠣᠯᠤᠨ᠎ᠠ᠂ | ᠬᠤᠶᠠᠷ ᠲᠠᠯ᠎ᠠ ᠪᠠᠷ ᠢᠶᠠᠨ ᠬᠠᠷᠢᠯᠴᠠᠨ ᠣᠶᠢᠯᠠᠭᠠᠯᠴᠠᠬᠤ᠂ ᠬᠠᠷᠢᠯᠴᠠᠨ ᠬᠦᠨᠳᠦᠳᠬᠡᠬᠦ ᠶᠢ ᠢᠮᠠᠭᠲᠠ ᠪᠠᠷᠢᠮᠲᠠᠯᠠᠵᠤ᠂ ᠳᠤᠮᠳᠠᠳᠤ ᠪᠠ ᠰᠢᠩᠭᠠᠫᠤᠷ ᠤᠨ ᠬᠠᠷᠢᠴᠠᠭᠠᠨ ᠤ | ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠪᠠ᠃ ᠳᠤᠮᠳᠠᠳᠤ ᠪᠠ ᠰᠢᠩᠭᠠᠫᠤᠷ ᠤᠨ ᠬᠠᠮᠲᠤᠷᠠᠯᠴᠠᠭ᠎ᠠ ᠨᠢ ᠳᠤᠮᠳᠠᠳᠤ | ᠤᠯᠤᠰ ᠤᠨ ᠡᠯ᠎ᠡ ᠱᠠᠲᠤᠨ ᠳᠠᠬᠢ ᠬᠥᠭᠵᠢᠯᠲᠡ ᠶᠢᠨ ᠴᠢᠭᠯᠡᠯ ᠪᠠ ᠭᠤᠣᠯᠳᠠᠯᠭ᠎ᠠ ᠯᠤᠭ᠎ᠠ ᠨᠡᠶᠢᠴᠡᠵᠦ ᠪᠠᠶᠢᠨ᠎ᠠ᠂ ᠰᠦᠵᠧᠦ ᠶᠢᠨ ᠠᠵᠤ ᠦᠢᠯᠡᠳᠪᠦᠷᠢ ᠶᠢᠨ ᠬᠦᠷᠢᠶᠡᠯᠡᠩ | ᠵᠡᠷᠭᠡ ᠬᠠᠮᠲᠤ ᠶᠢᠨ ᠠᠵᠢᠯᠯᠠᠭᠠᠨ ᠤ ᠲᠠᠯ᠎ᠠ ᠪᠠᠷ ᠠᠯᠢ ᠣᠯᠠᠨ ᠡᠯᠪᠡᠭ ᠦᠷ᠎ᠡ ᠪᠦᠲᠦᠭᠡᠯ ᠢ ᠣᠯᠵᠤ᠂ ᠬᠤᠶᠠᠷ ᠤᠯᠤᠰ ᠤᠨ ᠣᠳᠣᠬᠢᠴᠢᠯᠠᠭᠰᠠᠨ ᠪᠦᠲᠦᠭᠡᠨ | ᠪᠠᠶᠢᠭᠤᠯᠤᠯᠲᠠ ᠳᠤ ᠴᠢᠬᠤᠯᠠ ᠳᠡᠮᠵᠢᠯᠭᠡ ᠦᠵᠡᠭᠦᠯᠵᠦ᠂ ᠭᠠᠵᠠᠷ ᠣᠷᠣᠨ ᠪᠠ ᠤᠯᠤᠰ ᠤᠨ ᠬᠠᠮᠲᠤᠷᠠᠯᠴᠠᠭᠠᠨ ᠳᠤ ᠳᠠᠭᠤᠷᠢᠶᠠᠯ ᠪᠣᠯᠵᠠᠶ᠃ ᠬᠤᠶᠠᠷ ᠲᠠᠯ᠎ᠠ ᠪᠠᠷ ᠢᠶᠠᠨ | ᠬᠤᠶᠠᠷ ᠤᠯᠤᠰ ᠤᠨ ᠬᠠᠷᠢᠴᠠᠭᠠᠨ ᠤ ᠬᠥᠭᠵᠢᠯᠲᠡ ᠶᠢᠨ ᠲᠡᠦᠬᠡᠨ ᠶᠠᠪᠤᠴᠠ ᠠᠴᠠ ᠲᠤᠷᠰᠢᠯᠭ᠎ᠠ ᠪᠠ ᠤᠶᠤᠨ ᠤᠬᠠᠭᠠᠨ ᠰᠢᠩᠭᠡᠭᠡᠨ ᠠᠪᠴᠤ᠂ ᠰᠢᠯᠢᠳᠡᠭ | ᠤᠯᠠᠮᠵᠢᠯᠠᠯ ᠢᠶᠠᠨ ᠵᠠᠯᠭᠠᠮᠵᠢᠯᠠᠨ ᠪᠠᠳᠠᠷᠠᠭᠤᠯᠵᠤ᠂ ᠳᠤᠮᠳᠠᠳᠤ ᠪᠠ ᠰᠢᠩᠭᠠᠫᠤᠷ ᠤᠨ ᠨᠥᠬᠦᠷᠯᠡᠯ ᠢ ᠭᠦᠨ ᠵᠤᠵᠠᠭᠠᠨ ᠪᠥᠭᠡᠳ ᠡᠯᠪᠡᠭ ᠳᠡᠯᠪᠡᠭ ᠦᠷ᠎ᠡ ᠪᠦᠲᠦᠭᠡᠯ ᠲᠠᠢ | ᠪᠣᠯᠭᠠᠪᠠ ᠭᠡᠵᠡᠢ᠃ | ᠰᠢ ᠶᠢᠨ ᠫᠢᠩ ᠴᠢᠬᠤᠯᠠᠴᠢᠯᠠᠬᠤ ᠳᠤ ᠪᠠᠨ᠂ ᠳᠤᠮᠳᠠᠳᠤ ᠪᠠ ᠰᠢᠩᠭᠠᠫᠤᠷ ᠨᠢ ᠬᠤᠶᠠᠷ ᠤᠯᠤᠰ ᠤᠨ ᠨᠥᠬᠦᠷᠯᠡᠯ ᠤᠨ ᠶᠡᠭᠡ ᠴᠢᠭᠯᠡᠯ ᠢ ᠪᠠᠲᠤ ᠡᠵᠡᠮᠳᠡᠵᠦ᠂ | ᠢᠮᠠᠭᠲᠠ ᠪᠠᠶᠢᠯᠳᠤᠬᠤ ᠪᠤᠳᠤᠯᠭ᠎ᠠ ᠶᠢᠨ ᠦᠨᠳᠦᠷᠴᠡ ᠪᠠ ᠠᠯᠤᠰ ᠤᠨ ᠬᠠᠷᠠᠭᠠᠰᠤ ᠠᠴᠠ ᠳᠤᠮᠳᠠᠳᠤ ᠪᠠ ᠰᠢᠩᠭᠠᠫᠤᠷ ᠤᠨ ᠬᠠᠷᠢᠴᠠᠭ᠎ᠠ ᠳᠤ ᠬᠠᠨᠳᠤᠨ᠂ ᠲᠡᠭᠦᠨ ᠢ | ᠬᠥᠭᠵᠢᠭᠦᠯᠵᠦ᠂ ᠠᠶᠠᠯᠠᠯ ᠤᠨ ᠴᠢᠭᠯᠡᠯ ᠬᠡᠯᠪᠠᠶᠢᠬᠦ ᠦᠭᠡᠢ᠂ ᠬᠥᠳᠡᠯᠭᠡᠭᠴᠢ ᠬᠦᠴᠦᠨ ᠰᠤᠯᠠᠷᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠳᠤᠮᠳᠠᠳᠤ ᠪᠠ | ᠰᠢᠩᠭᠠᠫᠤᠷ ᠤᠨ ᠨᠥᠬᠦᠷᠯᠡᠯ ᠤᠨ ᠤᠯᠤᠰ ᠲᠦᠷᠦ ᠶᠢᠨ ᠰᠠᠭᠤᠷᠢ ᠶᠢ ᠪᠠᠬᠢᠵᠢᠭᠦᠯᠵᠦ᠂ ᠲᠤᠰ ᠲᠤᠰ ᠤᠨ ᠭᠤᠣᠯᠯᠠᠭᠴᠢ ᠠᠰᠢᠭ ᠲᠤᠰᠠ ᠪᠠ ᠠᠩᠬᠠᠷᠤᠯ ᠲᠠᠯᠪᠢᠵᠤ | ᠪᠠᠶᠢᠭ᠎ᠠ ᠴᠢᠬᠤᠯᠠ ᠶᠡᠭᠡ ᠵᠦᠢᠯ ᠢ ᠳᠡᠮᠵᠢᠵᠦ᠂ ᠨᠡᠩ ᠥᠨᠳᠥᠷ ᠲᠦᠪᠰᠢᠨ ᠪᠦᠬᠦᠢ ᠤᠯᠤᠰ ᠲᠦᠷᠦ ᠶᠢᠨ ᠢᠲᠡᠭᠡᠯᠴᠡᠭᠡ ᠪᠠᠷ ᠬᠤᠶᠠᠷ ᠤᠯᠤᠰ ᠤᠨ ᠬᠠᠷᠢᠴᠠᠭᠠᠨ ᠤ | ᠬᠥᠭᠵᠢᠯᠲᠡ ᠳᠤ ᠦᠢᠯᠡᠴᠢᠯᠡᠬᠦ ᠬᠡᠷᠡᠭᠲᠡᠢ᠃ ᠰᠢᠩᠭᠠᠫᠤᠷ ᠤᠨ ᠲᠠᠯ᠎ᠠ ᠶᠢᠨ ᠬᠢᠨ ᠳᠤᠮᠳᠠᠳᠤ ᠤᠯᠤᠰ ᠤᠨ ᠬᠥᠭᠵᠢᠯᠲᠡ ᠳᠤ ᠦᠷᠭᠦᠯᠵᠢᠯᠡᠨ ᠭᠦᠨᠵᠡᠭᠡᠢ | ᠠᠭᠤᠰᠤᠯᠴᠠᠬᠤ ᠶᠢ ᠳᠤᠮᠳᠠᠳᠤ ᠶᠢᠨ ᠲᠠᠯ᠎ᠠ ᠪᠠᠶᠠᠷᠯᠠᠨ ᠤᠭᠲᠤᠵᠤ ᠪᠠᠶᠢᠨ᠎ᠠ᠂ ᠬᠤᠶᠠᠷ ᠲᠠᠯ᠎ᠠ ᠪᠠᠷ ᠢᠶᠠᠨ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠠᠶᠢᠭᠤᠯᠬᠤ | ᠬᠠᠮᠲᠤᠷᠠᠯᠴᠠᠭ᠎ᠠ ᠶᠢ ᠭᠦᠨᠵᠡᠭᠡᠢ ᠠᠬᠢᠭᠤᠯᠵᠤ᠂ ᠳ᠋ᠢᠭᠢᠲ ᠠᠵᠤ ᠠᠬᠤᠢ᠂ ᠪᠣᠬᠢᠷᠲᠤᠯ ᠦᠭᠡᠢ ᠬᠥᠭᠵᠢᠯᠲᠡ᠂ ᠵᠣᠬᠢᠶᠠᠮᠠᠯ ᠤᠶᠤᠨ ᠵᠡᠷᠭᠡ ᠬᠦᠷᠢᠶᠡᠨ ᠳᠠᠬᠢ ᠪᠡᠯᠭᠡ | ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠢ ᠡᠭᠦᠳᠴᠦ᠂ ᠴᠢᠬᠤᠯᠠ ᠶᠡᠭᠡ ᠲᠦᠷᠦᠯ ᠵᠦᠢᠯ ᠤᠨ ᠴᠢᠨᠠᠷ ᠢ ᠳᠡᠭᠡᠭᠰᠢᠯᠡᠭᠦᠯᠵᠦ ᠲᠡᠰ ᠳᠡᠪᠰᠢᠭᠦᠯᠬᠦ ᠶᠢ ᠠᠬᠢᠭᠤᠯᠵᠤ᠂ | ᠴᠢᠨᠠᠷ ᠰᠠᠶᠢᠲᠠᠢ ᠬᠠᠮᠲᠤᠷᠠᠯᠴᠠᠭᠠᠨ ᠤ ᠰᠢᠨ᠎ᠡ ᠬᠠᠭᠤᠳᠠᠰᠤ ᠶᠢ ᠦᠷᠭᠦᠯᠵᠢᠯᠡᠨ ᠪᠢᠴᠢᠭᠯᠡᠨ᠎ᠡ᠃ ᠬᠤᠶᠠᠷ ᠤᠯᠤᠰ ᠤᠨ ᠠᠷᠠᠳ ᠲᠦᠮᠡᠨ ᠤ ᠦᠷᠭᠦᠯᠵᠢ ᠶᠠᠪᠤᠯᠴᠠᠵᠤ᠂ | ᠬᠥᠮᠥᠨ ᠰᠣᠶᠣᠯ ᠤᠨ ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠶᠢ ᠵᠣᠷᠢᠭᠵᠢᠭᠤᠯᠵᠤ᠂ ᠳᠤᠮᠳᠠᠳᠤ ᠪᠠ ᠰᠢᠩᠭᠠᠫᠤᠷ ᠤᠨ ᠨᠥᠬᠦᠷᠰᠡᠭ ᠢ ᠬᠥᠮᠦᠰ ᠤᠨ | ᠰᠡᠳᠬᠢᠯ ᠳᠤ ᠨᠡᠩ ᠬᠠᠳᠠᠩᠰᠢᠭᠤᠯᠬᠤ ᠬᠡᠷᠡᠭᠲᠡᠢ᠃ ᠡᠩᠬᠡ ᠲᠠᠶᠢᠪᠤᠩ᠂ ᠬᠥᠭᠵᠢᠯᠲᠡ᠂ ᠬᠠᠮᠲᠤᠷᠠᠯᠴᠠᠭ᠎ᠠ᠂ ᠬᠠᠮᠲᠤ ᠪᠠᠷ ᠠᠰᠢᠭ ᠬᠦᠷᠲᠡᠬᠦ ᠶᠢᠨ ᠴᠠᠭ ᠦᠶ᠎ᠡ ᠶᠢᠨ | ᠤᠷᠤᠰᠬᠠᠯ ᠬᠤᠷᠢᠭᠯᠠᠭᠳᠠᠰᠢ ᠦᠭᠡᠢ᠂ ᠳᠡᠯᠡᠬᠡᠢ ᠳ᠋ᠠᠬᠢᠨ ᠳᠤ ᠡᠵᠡᠷᠬᠡᠭ ᠦᠵᠡᠯ ᠢ ᠰᠡᠷᠭᠦᠭᠡᠵᠦ ᠪᠣᠯᠬᠤ ᠦᠭᠡᠢ᠂ ᠤᠢ ᠶᠢᠨ ᠵᠢᠮ᠎ᠡ ᠬᠠᠤᠯᠢ ᠳᠤ ᠪᠤᠴᠠᠵᠤ ᠪᠣᠯᠬᠤ ᠦᠭᠡᠢ | ᠭᠡᠵᠦ ᠳᠤᠮᠳᠠᠳᠤ ᠶᠢᠨ ᠲᠠᠯ᠎ᠠ ᠢᠮᠠᠭᠲᠠ ᠦᠵᠡᠳᠡᠭ᠃ ᠳᠤᠮᠳᠠᠳᠤ ᠶᠢᠨ ᠲᠠᠯ᠎ᠠ ᠶᠢᠨ ᠬᠢᠨ ᠳᠤᠷᠠᠲᠠᠶ᠎ᠠ ᠰᠢᠩᠭᠠᠫᠤᠷ ᠤᠨ ᠲᠠᠯ᠎ᠠ ᠬᠢᠨ ᠲᠠᠢ ᠬᠠᠮᠲᠤ ᠪᠠᠷ᠂ ᠲᠡᠦᠬᠡ ᠶᠢᠨ | ᠵᠥᠪ ᠲᠠᠯ᠎ᠠ ᠳᠤ ᠵᠣᠭᠰᠣᠵᠤ᠂ ᠲᠥᠪ ᠭᠤᠣᠯᠴᠢ ᠰᠢᠳᠤᠷᠭᠤ ᠶᠣᠰᠣᠨ ᠤ ᠲᠠᠯ᠎ᠠ ᠳᠤ ᠵᠣᠭᠰᠣᠵᠤ᠂ ᠡᠷᠬᠡ ᠲᠡᠭᠰᠢ ᠡᠮᠬᠢ ᠳᠢᠭᠯᠢᠮ ᠲᠠᠢ ᠳᠡᠯᠡᠬᠡᠢ ᠶᠢᠨ ᠤᠯᠠᠨ | ᠲᠦᠢᠯᠰᠢᠷᠠᠯ᠂ ᠲᠦᠭᠡᠮᠡᠯ ᠠᠰᠢᠭ ᠬᠦᠷᠲᠡᠭᠡᠬᠦ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠰᠠᠨᠠᠭᠠᠴᠢᠯᠠᠵᠤ᠂ ᠳᠡᠯᠡᠬᠡᠢ ᠪᠠᠷ ᠢᠶᠠᠨ ᠡᠩᠬᠡ ᠲᠠᠶᠢᠪᠤᠩ᠂ | ᠠᠮᠤᠷ ᠲᠦᠪᠰᠢᠨ᠂ ᠬᠥᠭᠵᠢᠯ ᠴᠡᠴᠡᠭᠯᠡᠯ᠂ ᠲᠠᠪᠰᠢᠯᠳᠠ ᠲᠠᠢ ᠭᠡᠭᠡᠨ ᠰᠠᠷᠠᠭᠤᠯ ᠢᠷᠡᠭᠡᠳᠦᠢ ᠲᠡᠶᠢᠰᠢ ᠤᠷᠤᠭᠰᠢᠯᠠᠬᠤ ᠶᠢ ᠠᠬᠢᠭᠤᠯᠤᠨ᠎ᠠ ᠭᠡᠵᠡᠢ᠃ | ᠬᠤᠸᠠᠩ ᠰᠢᠶᠦ᠋ᠨ ᠼᠠᠢ ᠢᠯᠡᠷᠬᠡᠶᠢᠯᠡᠬᠦ ᠳᠤ ᠪᠠᠨ᠂ ᠰᠢᠩᠭᠠᠫᠤᠷ ᠪᠠ ᠳᠤᠮᠳᠠᠳᠤ ᠤᠯᠤᠰ ᠨᠥᠬᠦᠷᠯᠡᠯ ᠥᠨᠢ ᠤᠳᠠᠭᠠᠨ ᠪᠠᠶᠢᠳᠠᠭ᠂ ᠬᠤᠶᠠᠷ ᠲᠠᠯ᠎ᠠ ᠪᠠᠷ ᠢᠶᠠᠨ | ᠢᠮᠠᠭᠲᠠ ᠬᠠᠷᠢᠯᠴᠠᠨ ᠬᠦᠨᠳᠦᠳᠬᠡᠵᠦ᠂ ᠬᠠᠷᠢᠯᠴᠠᠨ ᠢᠲᠡᠭᠡᠯᠴᠡᠵᠦ᠂ ᠬᠤᠶᠠᠷ ᠤᠯᠤᠰ ᠤᠨ ᠬᠠᠷᠢᠴᠠᠭ᠎ᠠ ᠲᠣᠭᠲᠠᠭᠤᠨ ᠢᠶᠠᠷ ᠬᠥᠭᠵᠢᠵᠦ᠂ ᠬᠠᠮᠲᠤᠷᠠᠯᠴᠠᠭ᠎ᠠ | ᠴᠢᠩᠭᠠᠷᠠᠵᠤ ᠪᠠᠶᠢᠨ᠎ᠠ᠃ ᠰᠢᠩᠭᠠᠫᠤᠷ ᠤᠨ ᠥᠩᠭᠡᠷᠡᠭᠰᠡᠨ ᠦᠶ᠎ᠡ ᠶᠢᠨ ᠤᠳᠤᠷᠢᠳᠬᠤ ᠬᠥᠮᠥᠰ ᠪᠦᠷ ᠳᠤᠮᠳᠠᠳᠤ ᠤᠯᠤᠰ ᠯᠤᠭ᠎ᠠ ᠶᠢᠨ ᠬᠠᠷᠢᠴᠠᠭ᠎ᠠ ᠶᠢ ᠴᠢᠬᠤᠯᠠᠴᠢᠯᠠᠨ | ᠦᠵᠡᠵᠦ᠂ ᠳᠤᠮᠳᠠᠳᠤ ᠤᠯᠤᠰ ᠪᠣᠯ ᠮᠢᠨᠤ ᠦᠷᠭᠦᠯᠵᠢᠯᠡᠨ ᠲᠤᠰᠢᠶᠠᠯ ᠬᠠᠷᠢᠭᠤᠴᠠᠭᠰᠠᠨ ᠤ ᠳᠠᠷᠠᠭ᠎ᠠ ᠠᠶᠢᠯᠴᠢᠯᠠᠯᠲᠠ ᠬᠢᠭᠰᠡᠨ ᠵᠡᠭᠦᠨ ᠡᠮᠦᠨᠡᠲᠦ ᠠᠽᠢᠶ᠎ᠠ ᠶᠢᠨ | ᠤᠯᠤᠰ ᠤᠳ ᠤᠨ ᠬᠤᠯᠪᠣᠭ᠎ᠠ ᠠᠴᠠ ᠭᠠᠳᠠᠨᠠᠬᠢ ᠠᠩᠬᠠᠳᠠᠭᠴᠢ ᠤᠯᠤᠰ ᠪᠣᠯᠣᠨ᠎ᠠ᠃ ᠰᠢᠩᠭᠠᠫᠤᠷ ᠨᠢᠭᠡ ᠯᠡ ᠳᠤᠮᠳᠠᠳᠤ ᠤᠯᠤᠰ ᠪᠠᠶᠢᠬᠤ ᠲᠥᠷᠥ ᠶᠢᠨ ᠪᠣᠳᠣᠯᠭ᠎ᠠ ᠶᠢ | ᠦᠷᠭᠦᠯᠵᠢᠯᠡᠨ ᠪᠠᠷᠢᠮᠲᠠᠯᠠᠵᠤ᠂ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠶᠢ ᠡᠰᠡᠷᠭᠦᠴᠡᠨ᠎ᠡ᠃ ᠬᠤᠶᠠᠷ ᠤᠯᠤᠰ ᠭᠠᠳᠠᠭᠠᠳᠤ ᠬᠠᠷᠢᠴᠠᠭ᠎ᠠ ᠪᠠᠶᠢᠭᠤᠯᠤᠭᠰᠠᠨ 35 | ᠵᠢᠯ ᠤᠨ ᠤᠢ ᠶᠢ ᠬᠠᠮᠲᠤ ᠪᠠᠷ ᠪᠡᠯᠭᠡᠯᠡᠬᠦ ᠲᠠᠰᠢᠷᠠᠮ ᠢᠶᠠᠷ᠂ ᠰᠢᠩᠭᠠᠫᠤᠷ ᠤᠨ ᠲᠠᠯ᠎ᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠤᠨ ᠬᠥᠭᠵᠢᠯ ᠴᠡᠴᠡᠭᠯᠡᠯ ᠠᠴᠠ ᠪᠣᠢ | ᠪᠣᠯᠣᠭᠰᠠᠨ ᠠᠵᠠ ᠲᠣᠬᠢᠶᠠᠯ ᠢ ᠭᠦᠢᠴᠡᠳ ᠠᠰᠢᠬᠯᠠᠵᠤ᠂ ᠬᠤᠶᠠᠷ ᠲᠠᠯ᠎ᠠ ᠶᠢᠨ ᠠᠷᠠᠯᠵᠢᠶ᠎ᠠ᠂ ᠪᠡᠯᠡ ᠣᠷᠣᠭᠤᠯᠤᠯᠲᠠ ᠶᠢᠨ ᠬᠡᠪᠴᠢᠶ᠎ᠡ ᠶᠢ ᠥᠷᠭᠡᠳᠬᠡᠵᠦ᠂ ᠳ᠋ᠢᠭᠢᠲ | ᠠᠵᠤ ᠠᠬᠤᠢ᠂ ᠵᠣᠬᠢᠶᠠᠮᠠᠯ ᠤᠶᠤᠨ᠂ ᠰᠢᠨ᠎ᠡ ᠡᠨᠧᠷᠭᠢ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠶᠢ ᠥᠷᠭᠡᠳᠬᠡᠵᠦ᠂ ᠬᠥᠮᠥᠨ ᠰᠣᠶᠣᠯ ᠤᠨ ᠰᠣᠯᠢᠯᠴᠠᠭ᠎ᠠ ᠶᠢ | ᠴᠢᠩᠭᠠᠳᠬᠠᠵᠤ᠂ ᠰᠢᠩᠭᠠᠫᠤᠷ ᠪᠠ ᠳᠤᠮᠳᠠᠳᠤ ᠶᠢᠨ ᠬᠠᠷᠢᠴᠠᠭ᠎ᠠ ᠨᠡᠩ ᠶᠡᠭᠡ ᠬᠥᠭᠵᠢᠯᠲᠡ ᠲᠠᠢ ᠪᠣᠯᠬᠤ ᠶᠢ ᠠᠬᠢᠭᠤᠯᠤᠨ᠎ᠠ᠃ ᠣᠷᠤᠭ᠎ᠠ ᠪᠤᠰᠬᠠᠭ᠎ᠠ ᠤᠯᠠᠨ ᠤᠯᠤᠰ ᠤᠨ | ᠪᠠᠶᠢᠳᠠᠯ ᠤᠨ ᠡᠮᠦᠨ᠎ᠡ᠂ ᠰᠢᠩᠭᠠᠫᠤᠷ ᠤᠨ ᠲᠠᠯ᠎ᠠ ᠶᠢᠨ ᠬᠢᠨ ᠳᠤᠷᠠᠲᠠᠶ᠎ᠠ ᠳᠤᠮᠳᠠᠳᠤ ᠶᠢᠨ ᠲᠠᠯ᠎ᠠ ᠯᠤᠭ᠎ᠠ ᠣᠷᠣᠨ ᠪᠦᠰᠡ ᠪᠠ ᠤᠯᠠᠨ ᠲᠠᠯᠠᠲᠤ ᠲᠠᠪᠴᠠᠩ ᠳᠤ | ᠵᠣᠬᠢᠴᠠᠭᠤᠯᠭ᠎ᠠ ᠬᠠᠮᠲᠤᠷᠠᠯᠴᠠᠭ᠎ᠠ ᠪᠠᠨ ᠴᠢᠩᠭᠠᠷᠠᠭᠤᠯᠵᠤ᠂ ᠤᠯᠠᠨ ᠲᠠᠯᠠᠲᠤ ᠦᠵᠡᠯ ᠪᠠ ᠤᠯᠠᠨ ᠤᠯᠤᠰ ᠤᠨ ᠡᠮᠬᠢ ᠳᠢᠭᠯᠢᠮ ᠢ ᠬᠠᠮᠲᠤ ᠪᠠᠷ ᠬᠠᠮᠠᠭᠠᠯᠠᠨ᠎ᠠ᠂ ᠳᠤᠮᠳᠠᠳᠤ | ᠤᠯᠤᠰ ᠯᠠᠪᠲᠠᠢ ᠳᠡᠯᠡᠬᠡᠢ ᠶᠢᠨ ᠡᠩᠬᠡ ᠲᠠᠶᠢᠪᠤᠩ ᠳᠤ ᠨᠡᠩ ᠴᠢᠬᠤᠯᠠ ᠦᠢᠯᠡᠳᠦᠯ ᠦᠵᠡᠭᠦᠯᠬᠦ ᠪᠣᠯᠣᠨ᠎ᠠ ᠭᠡᠳᠡᠭ ᠲᠤ ᠢᠲᠡᠭᠡᠯᠲᠡᠢ ᠪᠠᠶᠢᠨ᠎ᠠ ᠭᠡᠵᠡᠢ᠃ | ᠸᠠᠩ ᠢ ᠠᠭᠤᠯᠵᠠᠯᠲᠠ ᠳᠤ ᠤᠷᠤᠯᠴᠠᠪᠠ᠃ | |