| | | | 5 ᠰᠠᠷ᠎ᠠ ᠶᠢᠨ 30 ᠤ ᠡᠳᠦᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠡ ᠶᠢᠨ ᠳᠡᠳ᠋ ᠡᠷᠬᠢᠯᠡᠭᠴᠢ | ᠮᠥᠷᠡᠨ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤ ᠭᠤᠷᠪᠠᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢ | ᠳᠠᠭᠠᠭᠤᠯᠤᠨ᠂ ᠬᠡᠰᠡᠭ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠪᠢᠯᠧᠲ ᠢᠶᠠᠷ ᠲᠤᠭᠳᠠᠭᠠᠭᠰᠠᠨ ᠠᠷᠠᠳ ᠤᠨ ᠠᠮᠢᠳᠤᠷᠠᠯ ᠤᠨ | ᠪᠣᠳᠠᠲᠤ ᠶᠠᠪᠤᠳᠠᠯ ᠤᠨ ᠲᠥᠷᠥᠯ ᠵᠦᠢᠯ ᠢ ᠪᠠᠶᠢᠴᠠᠭᠠᠨ ᠦᠵᠡᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠵᠠᠰᠠᠭ ᠤᠨ | ᠣᠷᠳᠣᠨ ᠤ ᠳᠡᠳ᠋ ᠳᠠᠷᠤᠭ᠎ᠠ ᠵᠠᠩ ᠯᠸᠢ ᠪᠠᠶᠢᠴᠠᠭᠠᠨ ᠰᠤᠳᠤᠯᠤᠯᠲᠠ ᠳᠤ ᠣᠷᠣᠯᠴᠠᠵᠤ᠂ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠪᠠᠷ᠎ᠠ ᠪᠣᠯᠪᠠ᠃ | ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠰᠠᠶᠢᠬᠠᠨ ᠵᠡᠭᠡᠯᠢ ᠭᠤᠳᠤᠮᠵᠢ᠂ ᠳᠠᠷᠬᠠᠨ ᠵᠡᠭᠡᠯᠢ ᠭᠤᠳᠤᠮᠵᠢ ᠶᠢᠨ ᠨᠡᠶᠢᠭᠡᠮ ᠲᠣᠭᠤᠷᠢᠭ ᠤᠨ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠬᠤᠳᠠ ᠶᠢᠨ ᠲᠦᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠪᠠᠶᠢᠭᠤᠯᠵᠤ | ᠪᠤᠴᠠᠭᠠᠨ ᠨᠡᠭᠦᠯᠭᠡᠵᠦ ᠲᠥᠪᠬᠢᠨᠡᠭᠦᠯᠬᠦ ᠭᠡᠷ ᠪᠠᠶᠢᠰᠢᠩ ᠤᠨ ᠢᠵᠢ ᠪᠦᠷᠢᠳᠦᠭᠰᠡᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ | ᠲᠤᠬᠠᠢ ᠶᠢᠨ ᠲᠠᠯᠠᠪᠠᠢ ᠳᠤ ᠬᠦᠷᠴᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠠᠬᠢᠴᠠ ᠶᠢᠨ ᠪᠠᠶᠢᠳᠠᠯ ᠵᠢᠴᠢ ᠲᠦᠷᠦᠯ ᠵᠦᠢᠯ ᠢ | ᠠᠬᠢᠭᠤᠯᠬᠤ ᠶᠠᠪᠤᠴᠠ ᠳᠤ ᠲᠤᠯᠭᠠᠷᠠᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠨᠠᠷᠢᠨ ᠣᠶᠢᠯᠠᠭᠠᠬᠤ ᠶᠢᠨ ᠬᠠᠮᠲᠤ ᠲᠦᠷᠦᠯ ᠵᠦᠢᠯ ᠤᠨ ᠪᠦᠳᠦᠭᠡᠨ | ᠪᠠᠶᠢᠭᠤᠯᠤᠯᠲᠠ ᠶᠢ ᠬᠡᠷᠬᠢᠨ ᠲᠦᠷᠭᠡᠳᠬᠡᠬᠦ ᠲᠤᠬᠠᠢ ᠬᠠᠨᠳᠤᠯᠭᠠᠲᠤ ᠴᠢᠨᠠᠷᠲᠠᠢ ᠰᠠᠨᠠᠯ ᠪᠠ ᠰᠠᠨᠠᠭᠤᠯᠭ᠎ᠠ ᠳᠤᠷᠠᠳᠴᠠᠢ᠃ | ᠰᠢᠨᠵᠢᠯᠡᠨ ᠪᠠᠶᠢᠴᠠᠭᠠᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠡᠳᠡᠭᠡᠷ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠪᠣᠯ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠪᠢᠯᠧᠲ ᠢᠶᠠᠷ ᠲᠣᠭᠲᠠᠭᠠᠬᠤ᠂ ᠵᠠᠰᠠᠭ ᠤᠨ ᠣᠷᠳᠣᠨ ᠠᠴᠠ ᠤᠯᠠᠨ ᠲᠦᠮᠡᠨ ᠳᠤ | ᠠᠮᠠᠯᠳᠠᠬᠤ᠂ ᠠᠷᠠᠳ ᠤᠯᠠᠨ ᠤ ᠳᠡᠭᠡᠳᠦ ᠬᠡᠮᠵᠢᠶ᠎ᠡ ᠪᠠᠷ ᠠᠩᠬᠠᠷᠴᠤ ᠪᠠᠶᠢᠭ᠎ᠠ ᠴᠢᠬᠤᠯᠠ ᠶᠠᠪᠤᠳᠠᠯ ᠪᠣᠯᠤᠨ᠎ᠠ᠂ ᠠᠷᠠᠳ ᠤᠯᠠᠨ ᠤ ᠠᠮᠢ ᠪᠡᠶ᠎ᠡ ᠶᠢᠨ ᠠᠰᠢᠭ ᠲᠤᠰᠠ ᠲᠠᠢ | ᠬᠤᠯᠪᠣᠭᠳᠠᠨ᠎ᠠ᠃ ᠬᠤᠰᠢᠭᠤᠨ ᠤ ᠵᠠᠰᠠᠭ ᠤᠨ ᠣᠷᠳᠣᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ | ᠵᠦᠢᠯ ᠢ ᠰᠠᠶᠢᠲᠤᠷ ᠬᠢᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠬᠦ | ᠬᠠᠷᠢᠭᠤᠴᠠᠯᠭᠠᠲᠤ ᠰᠡᠳᠬᠢᠯᠭᠡ ᠪᠠ ᠪᠠᠴᠢᠮ ᠲᠤᠯᠭᠠᠮ᠎ᠠ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠶ᠃ ᠨᠢᠭᠡᠨᠲᠡ ᠲᠣᠭᠲᠠᠭᠠᠭᠰᠠᠨ ᠬᠠᠷᠠᠯᠲᠠ | ᠡᠭᠦᠷᠭᠡ ᠲᠠᠢ ᠬᠠᠷᠢᠴᠠᠭᠤᠯᠵᠤ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠪᠥᠬᠦ ᠬᠦᠴᠦᠨ ᠢᠶᠠᠷ ᠢᠶᠠᠨ ᠠᠬᠢᠴᠠ ᠶᠢ ᠠᠮᠵᠢᠨ᠂ | ᠠᠵᠢᠯ ᠤᠨ ᠬᠤᠭᠤᠴᠠᠭ᠎ᠠ ᠶᠢ ᠪᠠᠲᠤᠯᠠᠵᠤ᠂ ᠲᠥᠷᠥᠯ ᠵᠦᠢᠯ ᠢ ᠠᠬᠢᠭᠤᠯᠬᠤ ᠳᠤᠮᠳᠠᠬᠢ ᠠᠰᠠᠭᠤᠳᠠᠯ ᠢ ᠴᠠᠭ ᠲᠤᠬᠠᠶ ᠳᠤᠨᠢ ᠵᠣᠬᠢᠴᠠᠭᠤᠯᠤᠨ ᠰᠢᠢᠳᠪᠦᠷᠢᠯᠡᠵᠦ᠂ | ᠲᠥᠷᠥᠯ ᠵᠦᠢᠯ ᠢ ᠴᠠᠭ ᠲᠤᠬᠠᠶ ᠳᠤᠨᠢ᠂ ᠶᠠᠰᠤ ᠴᠢᠨᠠᠷ᠂ ᠲᠤᠭ᠎ᠠ ᠶᠣᠰᠣᠭᠠᠷ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠥᠷᠭᠡᠨ ᠣᠯᠠᠨ ᠲᠦᠮᠡᠨ ᠤ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠪᠣᠳᠠᠲᠠᠶ ᠦᠷ᠎ᠡ ᠪᠦᠲᠦᠮᠵᠢ ᠶᠢᠨ ᠬᠠᠨᠤᠮᠵᠢ ᠶᠢᠨ ᠬᠡᠮᠵᠢᠶ᠎ᠡ ᠪᠠ ᠬᠦᠷᠲᠡᠮᠵᠢ ᠶᠢᠨ ᠲᠥᠷᠥᠭᠳᠡᠯ ᠢ ᠦᠨᠡᠨ | ᠬᠦ ᠳᠡᠭᠡᠭᠰᠢᠯᠡᠭᠦᠯᠬᠦ ᠬᠡᠷᠡᠭᠲᠡᠶ ᠭᠡᠵᠠᠢ᠃ |