| | | | 5 ᠰᠠᠷ᠎ᠠ ᠶᠢᠨ 30 ᠤ ᠡᠳᠦᠷ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ᠂ ᠳᠤᠮᠳᠠᠳᠤ | ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠬᠤᠭᠤᠴᠠᠭᠠᠨ ᠳᠠᠬᠢ ᠠᠮᠤᠷ ᠢ ᠬᠠᠮᠠᠭᠠᠯᠠᠬᠤ ᠵᠢᠴᠢ ᠭᠤᠤᠯᠳᠠᠯᠭ᠎ᠠ ᠲᠠᠢ ᠠᠵᠢᠯ ᠤᠨ | ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ | ᠨᠠᠮ ᠤᠨ ᠬᠤᠷᠢᠶ᠎ᠠ ᠶᠢᠨ ᠱᠦᠵᠢ᠂ ᠲᠣᠪᠴᠢᠶᠠᠨ ᠳᠠᠷᠤᠭ᠎ᠠ ᠶᠢᠨ ᠴᠢᠤᠸᠠᠨ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ | ᠬᠤᠷᠠᠯ ᠳᠡᠭᠡᠷ᠎ᠡ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠵᠢᠴᠢ ᠬᠡᠷᠡᠭᠵᠢᠭᠦᠯᠬᠦ ᠨᠠᠷᠢᠨ ᠲᠦᠷᠢᠮ ᠢ ᠵᠥᠷᠢᠴᠡᠭᠰᠡᠨ ᠨᠡᠶᠢᠲᠡᠯᠢᠭ ᠬᠡᠷᠡᠭ ᠤᠨ | ᠵᠢᠱᠢᠶ᠎ᠡ ᠶᠢ ᠵᠠᠷᠯᠠᠨ ᠮᠡᠳᠡᠭᠳᠡᠵᠦ᠂ ᠳᠡᠭᠡᠳᠦ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠮᠢᠶ᠎ᠠ ᠪᠥᠬᠦᠶ ᠬᠤᠷᠠᠯ ᠤᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠤ᠂ ᠪᠠᠭᠠᠷᠢᠨ ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ᠂ | ᠳᠤᠮᠳᠠᠳᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠤᠭᠤᠴᠠᠭᠠᠨ ᠳᠠᠬᠢ ᠠᠮᠤᠷ ᠲᠦᠪᠰᠢᠨ ᠤ ᠬᠠᠮᠠᠭᠠᠯᠠᠯᠲᠠ ᠶᠢᠨ ᠠᠵᠢᠯ ᠤᠨ ᠬᠡᠷᠡᠭᠵᠢᠭᠦᠯᠬᠦ | ᠲᠥᠰᠦᠯ ᠢ ᠲᠠᠶᠢᠯᠪᠤᠷᠢᠯᠠᠵᠤ᠂ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ | ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠰᠤᠷᠲᠠᠯ ᠤᠨ ᠪᠠᠶᠢᠭᠤᠯᠤᠯᠲᠠ ᠶᠢᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠣᠶᠢᠯᠠᠭᠠᠵᠤ᠂ | ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ | ᠰᠤᠷᠤᠯᠴᠠᠵᠤ ᠰᠤᠳᠤᠯᠤᠨ ᠶᠠᠷᠢᠯᠴᠠᠬᠤ ᠶᠢ ᠭᠦᠨᠵᠡᠭᠡᠶᠢᠷᠡᠭᠦᠯᠵᠦ᠂ ᠡᠷᠡᠭᠦᠯ ᠪᠤᠰᠤ ᠰᠤᠷᠲᠠᠯ ᠢ ᠲᠥᠪ ᠴᠢᠩᠭ᠎ᠠ ᠪᠠᠷ ᠴᠡᠭᠴᠡᠯᠡᠨ ᠵᠠᠰᠠᠵᠤ᠂ ᠰᠤᠷᠤᠯᠴᠠᠯᠭ᠎ᠠ | ᠬᠥᠮᠦᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ︔ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠨᠡᠶᠢᠭᠡᠮ ᠤᠨ | ᠲᠠᠯ᠎ᠠ ᠶᠢᠨ ᠠᠮᠤᠷ ᠲᠦᠪᠰᠢᠨ ᠢ ᠬᠠᠮᠢᠶᠠᠷᠤᠨ ᠡᠵᠡᠮᠳᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠡᠮ ᠰᠣᠭᠤᠭ ᠢ ᠵᠢᠭᠰᠠᠭᠠᠨ ᠪᠠᠶᠢᠴᠠᠭᠠᠵᠤ | ᠴᠡᠭᠴᠡᠯᠡᠨ ᠰᠠᠶᠢᠵᠢᠷᠠᠭᠤᠯᠬᠤ ᠶᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠬᠢᠵᠦ᠂ ᠡᠯ᠎ᠡ ᠵᠦᠢᠯ ᠤᠨ ᠠᠮᠤᠷ ᠢ ᠬᠠᠮᠠᠭᠠᠯᠠᠵᠤ ᠲᠣᠭᠲᠠᠭᠤᠨ ᠢ ᠬᠠᠮᠠᠭᠠᠯᠠᠬᠤ ᠠᠷᠭ᠎ᠠ | ᠬᠡᠮᠵᠢᠶ᠎ᠡ ᠶᠢ ᠨᠠᠷᠢᠨ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ︔ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠪᠠ ᠶᠡᠭᠡ ᠳᠡᠭᠡᠳᠦ ᠰᠤᠷᠭᠠᠭᠤᠯᠢ ᠳᠤ | ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠠᠮᠤᠷ ᠲᠣᠭᠲᠠᠭᠤᠨ ᠢ ᠬᠠᠮᠠᠭᠠᠯᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠰᠢᠯᠭᠠᠯᠲᠠ ᠶᠢᠨ | ᠴᠡᠭ ᠤᠨ ᠡᠷᠬᠢᠨ ᠲᠣᠭᠤᠷᠢᠨ ᠤ ᠵᠠᠮ ᠬᠠᠷᠢᠯᠴᠠᠭ᠎ᠠ ᠶᠢ ᠰᠢᠯᠤᠭᠤᠳᠬᠠᠬᠤ᠂ ᠠᠮᠤᠷ ᠢ ᠬᠠᠮᠠᠭᠠᠯᠠᠵᠤ ᠲᠣᠭᠤᠷᠢᠨ ᠡᠵᠡᠮᠳᠡᠬᠦ ᠶᠢ ᠴᠢᠩᠭ᠎ᠠ ᠠᠩᠬᠠᠷᠴᠤ᠂ ᠰᠢᠯᠭᠠᠯᠲᠠ ᠶᠢᠨ | ᠴᠡᠭ ᠤᠨ ᠡᠷᠬᠢᠨ ᠲᠣᠭᠤᠷᠢᠨ ᠤ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠶᠢ ᠴᠢᠩᠭᠠᠳᠬᠠᠵᠤ᠂ ᠡᠯ᠎ᠡ ᠲᠥᠷᠥᠯ ᠤᠨ ᠠᠮᠤᠷ ᠲᠦᠪᠰᠢᠨ ᠤ | ᠬᠡᠮ ᠰᠣᠭᠤᠭ ᠢ ᠴᠠᠭ ᠲᠤᠬᠠᠶ ᠳᠤᠨᠢ ᠠᠷᠢᠯᠭᠠᠵᠤ᠂ ᠰᠢᠯᠭᠠᠯᠲᠠ ᠶᠢᠨ ᠴᠡᠭ ᠤᠨ ᠡᠷᠬᠢᠨ ᠲᠣᠭᠤᠷᠢᠨ ᠤ ᠡᠮᠬᠢ ᠳᠢᠭᠯᠢᠮ ᠢ ᠡᠷᠡᠰ ᠬᠠᠮᠠᠭᠠᠯᠠᠬᠤ ᠬᠡᠷᠡᠭᠲᠡᠶ ᠭᠡᠵᠠᠢ᠃ |