ᠤᠯᠠᠭᠠᠨᠬᠠᠳᠠ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠪᠠᠭᠠᠷᠢᠨ ᠪᠠᠷᠠᠭᠤᠨ ᠬᠤᠰᠢᠭᠤᠨ ᠤ ᠬᠤᠪᠢᠶᠠᠷᠢ ᠲᠣᠪᠴᠢᠶ᠎ᠠ  ᠵᠢᠷᠭᠤᠭᠠᠨ ᠰᠠᠷ᠎ᠠ ᠶᠢᠨ ᠲᠠᠪᠤᠨ ᠤ ᠳᠡᠯᠡᠬᠡᠶ ᠶᠢᠨ ᠣᠷᠴᠢᠨ ᠲᠣᠭᠤᠷᠢᠨ ᠤ ᠡᠳᠦᠷ ᠤᠨ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/6/3
       5 ᠰᠠᠷ᠎ᠠ ᠶᠢᠨ 31᠎ ᠤ ᠡᠳᠦᠷ᠂ ᠮᠠᠨ ᠤ ᠬᠤᠰᠢᠭᠤ ᠵᠢᠷᠭᠤᠭᠠᠨ ᠰᠠᠷ᠎ᠠ ᠶᠢᠨ ᠲᠠᠪᠤᠨ ᠤ ᠲᠡᠯᠡᠬᠡᠢ ᠶᠢᠨ ᠤᠷᠴᠢᠨ ᠲᠤᠭᠤᠷᠢᠨ ᠢ ᠬᠠᠮᠠᠭᠠᠯᠠᠬᠤ ᠡᠳᠦᠷ ᠤᠨ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠲᠣᠰ ᠤᠳᠠᠭᠠᠨ ᠤ ᠠᠵᠢᠯᠯᠠᠭ᠎ᠠ ᠶᠢ ᠤᠯᠠᠭᠠᠨᠬᠠᠳᠠ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠪᠠᠭᠠᠷᠢᠨ ᠪᠠᠷᠠᠭᠤᠨ ᠬᠤᠰᠢᠭᠤᠨ ᠤ ᠬᠤᠪᠢᠶᠠᠷᠢ ᠲᠣᠪᠴᠢᠶ᠎ᠠ ᠠᠴᠠ ᠬᠤᠰᠢᠭᠤᠨ ᠤ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ᠂ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠳ᠋ᠧ ᠰᠢᠩ ᠲᠢᠶᠠᠨ ᠰᠢᠶᠠ ᠰᠠᠶᠢᠨ ᠳᠤᠷ᠎ᠠ ᠶᠢᠨ ᠠᠵᠢᠯᠯᠠᠭᠴᠢ ᠶᠢᠨ ᠨᠡᠶᠢᠭᠡᠮᠯᠢᠭ᠂ ᠵᠢᠶᠦ᠋ᠨ ᠫᠧᠩ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠲᠠᠢ ᠬᠠᠮᠲᠤᠷᠠᠨ ᠡᠷᠭᠢᠯᠡᠪᠡ᠃     ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠳ᠋ᠧ ᠰᠢᠩ ᠲᠢᠶᠠᠨ ᠰᠢᠶᠠ ᠰᠠᠶᠢᠨ ᠲᠤᠷᠠᠴᠤᠳ ᠤᠨ ᠨᠡᠶᠢᠭᠡᠮᠯᠢᠭ 50 ᠭᠠᠷᠤᠢ ᠰᠤᠷᠤᠭᠴᠢ ᠵᠢᠴᠢ ᠭᠡᠷ ᠤᠨ ᠠᠬᠠᠮᠠᠳ ᠢᠶᠠᠷ ᠪᠦᠷᠢᠯᠳᠦᠭᠰᠡᠨ ᠰᠠᠶᠢᠨ ᠲᠤᠷᠠᠴᠤᠳ ᠤᠨ ᠡᠩᠨᠡᠭᠡ ᠶᠢ ᠪᠠᠶᠢᠭᠤᠯᠵᠤ᠂ ᠨᠢᠭᠡᠳᠦᠯᠲᠡᠢ ᠰᠠᠶᠢᠨ ᠲᠤᠷᠠᠴᠤᠳ ᠤᠨ ᠬᠤᠪᠴᠠᠰᠤ ᠬᠤᠨᠠᠷ ᠢᠶᠠᠨ ᠡᠮᠦᠰᠴᠦ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠪᠠ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠭᠤᠣᠯ ᠰᠡᠳᠦᠪᠲᠦ ᠪᠥᠰ ᠪᠤᠭᠴᠤ ᠠᠪᠴᠤ᠂ ᠨᠠᠷᠢᠨ ᠨᠢᠮᠪᠠᠢ ᠪᠠᠷ ᠬᠤᠭ ᠨᠣᠪᠰᠢ ᠶᠢ ᠲᠡᠭᠦᠵᠦ ᠴᠤᠭᠯᠠᠭᠤᠯᠤᠨ᠂ ᠨᠢᠭᠡ ᠬᠡᠮᠵᠢᠶᠠᠨ ᠳᠤ ᠬᠦᠷᠪᠡᠯ ᠲᠣᠭᠲᠠᠭᠰᠠᠨ ᠭᠠᠵᠠᠷ ᠲᠤ ᠬᠦᠷᠬᠡᠵᠦ᠂ ᠵᠢᠵᠢᠭ ᠪᠡᠯᠡᠭ ᠰᠣᠯᠢᠵᠤ ᠪᠣᠯᠤᠨ᠎ᠠ᠃     ᠲᠣᠰ ᠤᠳᠠᠭᠠᠨ ᠤ ᠠᠵᠢᠯᠯᠠᠭ᠎ᠠ ᠨᠢ ᠰᠢᠨ᠎ᠡ ᠶᠢ ᠡᠭᠦᠳᠬᠦ ᠬᠡᠯᠪᠡᠷᠢ ᠪᠠ ᠡᠯᠪᠡᠭ ᠪᠠᠶᠠᠯᠢᠭ ᠤᠬᠠᠭᠤᠯᠭ᠎ᠠ ᠶᠢᠨ ᠠᠭᠤᠯᠭ᠎ᠠ ᠪᠠᠷ ᠳᠠᠮᠵᠢᠭᠤᠯᠤᠨ᠂ ᠣᠷᠴᠢᠨ ᠲᠣᠭᠤᠷᠢᠨ ᠤ ᠬᠠᠮᠠᠭᠠᠯᠠᠯᠲᠠ ᠪᠠ ᠬᠠᠤᠯᠢ ᠲᠦᠷᠢᠮ ᠤᠨ ᠪᠠᠶᠢᠭᠤᠯᠤᠯᠲᠠ ᠶᠢᠨ ᠴᠢᠬᠤᠯᠠ ᠴᠢᠨᠠᠷ ᠢ ᠨᠠᠩ ᠣᠯᠠᠨ ᠬᠥᠮᠦᠨ ᠳᠤ ᠲᠠᠨᠢᠭᠤᠯᠵᠤ᠂ ᠡᠨᠡ ᠪᠣᠯ ᠵᠢᠷᠭᠤᠭᠠᠨ ᠰᠠᠷ᠎ᠠ ᠶᠢᠨ ᠲᠠᠪᠤᠨ ᠤ ᠳᠡᠯᠡᠬᠡᠶ ᠶᠢᠨ ᠣᠷᠴᠢᠨ ᠲᠣᠭᠤᠷᠢᠨ ᠤ ᠡᠳᠦᠷ ᠤᠨ ᠭᠤᠤᠯ ᠰᠡᠳᠦᠪ ᠤᠨ ᠠᠮᠢᠳᠤᠯᠢᠭ ᠲᠠᠶᠢᠯᠪᠤᠷᠢᠯᠠᠯᠲᠠ ᠪᠣᠯᠬᠤ ᠪᠠᠷ ᠪᠠᠷᠠᠬᠤ ᠥᠬᠡᠶ᠂ ᠨᠠᠩ ᠴᠤ ᠪᠥᠬᠦ ᠪᠥᠮᠪᠥᠷᠴᠡᠭ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠷᠢᠶᠠᠯᠠᠭ᠎ᠠ ᠪᠠ ᠮᠠᠨ ᠤ ᠤᠯᠤᠰ ᠤᠨ ᠬᠠᠤᠯᠢ ᠲᠦᠷᠢᠮ ᠤᠨ ᠪᠠᠶᠢᠭᠤᠯᠤᠯᠲᠠ ᠶᠢ ᠢᠳᠡᠪᠬᠢᠲᠡᠶ ᠳᠠᠭᠠᠵᠤ ᠪᠠᠶᠢᠭ᠎ᠠ ᠶᠠᠪᠤᠳᠠᠯ ᠪᠣᠯᠤᠨ᠎ᠠ᠃ ᠲᠠᠷᠠᠭᠠᠴᠢ ᠶᠢᠨ ᠠᠯᠬᠤᠮ ᠳᠤ᠂ ᠤᠯᠠᠭᠠᠨᠬᠠᠳᠠ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠪᠠᠭᠠᠷᠢᠨ ᠪᠠᠷᠠᠭᠤᠨ ᠬᠤᠰᠢᠭᠤᠨ ᠤ ᠬᠤᠪᠢᠶᠠᠷᠢ ᠲᠣᠪᠴᠢᠶ᠎ᠠ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠭᠤᠯᠭ᠎ᠠ ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠯ᠎ᠡ ᠲᠠᠯ᠎ᠠ ᠶᠢᠨ ᠬᠦᠴᠦᠨ ᠢ ᠨᠢᠭᠲᠠᠷᠠᠭᠤᠯᠤᠨ ᠭᠠᠷ ᠬᠤᠯᠪᠣᠨ ᠬᠠᠮᠲᠤ ᠪᠠᠷ ᠤᠷᠤᠭᠰᠢᠯᠠᠵᠤ᠂ ᠨᠠᠩ ᠣᠯᠠᠨ ᠡᠶᠢᠮᠦᠷᠬᠦ ᠠᠵᠢᠯᠯᠠᠭ᠎ᠠ ᠡᠷᠭᠢᠯᠡᠬᠦ ᠶᠢ ᠠᠬᠢᠭᠤᠯᠵᠤ᠂ ᠣᠯᠠᠨ ᠨᠡᠶᠢᠲᠡ ᠶᠢᠨ ᠬᠠᠤᠯᠢ ᠲᠦᠷᠢᠮ ᠤᠨ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠬᠥᠬᠡᠮᠳᠦᠭ ᠨᠣᠭᠤᠭᠠᠨ ᠠᠭᠤᠯᠠ ᠤᠰᠤ ᠶᠢ ᠬᠠᠮᠲᠤ ᠪᠠᠷ ᠰᠠᠬᠢᠨ ᠬᠠᠮᠠᠭᠠᠯᠠᠵᠤ᠂ ᠵᠣᠯ ᠵᠢᠷᠭᠠᠯᠲᠤ ᠪᠠᠭᠠᠷᠢᠨ ᠪᠠᠷᠠᠭᠤᠨ ᠬᠤᠰᠢᠭᠤᠨ ᠤ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠳᠤ ᠥᠪᠡᠷ ᠤᠨ ᠬᠤᠪᠢ ᠨᠡᠮᠡᠷᠢ ᠪᠠᠨ ᠦᠵᠡᠭᠦᠯᠦᠨ᠎ᠡ᠃
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ