| | | | ᠳᠠᠷᠬᠠᠨ ᠵᠡᠭᠡᠯᠢ ᠭᠤᠳᠤᠮᠵᠢ ᠶᠢᠨ ᠬᠦᠷᠦᠨ ᠨᠡᠶᠢᠭᠡᠮ ᠲᠣᠭᠤᠷᠢᠭ ᠨᠢ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ︽ᠨᠠᠮ ᠤᠨ | ᠪᠠᠶᠢᠭᠤᠯᠤᠯᠲᠠ + ᠨᠡᠶᠢᠭᠡᠮ ᠲᠣᠭᠤᠷᠢᠭ ᠤᠨ ᠦᠢᠯᠡᠴᠢᠯᠡᠭᠡ︾ ᠶᠢᠨ ᠵᠠᠭᠪᠤᠷ ᠲᠤ ᠰᠢᠨ᠎ᠡ ᠶᠢ ᠡᠭᠦᠳᠦᠨ ᠬᠡᠷᠡᠭᠵᠢᠭᠦᠯᠵᠦ᠂ ᠨᠠᠰᠤᠲᠠᠶᠢᠴᠤᠳ ᠢ ᠬᠠᠯᠠᠮᠵᠢᠯᠠᠨ | ᠬᠠᠶᠢᠷᠠᠯᠠᠬᠤ᠂ ᠬᠡᠦᠬᠡᠳ ᠤᠨ ᠡᠷᠡᠭᠦᠯ ᠢᠶᠠᠷ ᠦᠰᠦᠨ ᠪᠤᠶᠢᠵᠢᠬᠤ᠂ ᠰᠠᠭᠤᠭᠠᠯᠢ ᠠᠷᠠᠳ ᠤᠨ ᠰᠣᠶᠣᠯ ᠪᠡᠶ᠎ᠡ ᠶᠢᠨ ᠲᠠᠮᠢᠷ ᠵᠤᠭ᠎ᠠ ᠴᠡᠩᠭᠡᠯ ᠳᠤ ᠠᠩᠬᠠᠷᠤᠯ ᠢᠶᠠᠨ | ᠲᠥᠪᠯᠡᠷᠡᠭᠦᠯᠵᠦ᠂ ᠨᠡᠶᠢᠭᠡᠮ ᠲᠣᠭᠤᠷᠢᠭ ᠤᠨ ᠠᠷᠠᠳ ᠲᠦᠮᠡᠨ ᠳᠤ ᠦᠢᠯᠡᠴᠢᠯᠡᠬᠦ ︽ᠦᠢᠯᠡᠴᠢᠯᠡᠭᠡᠨ ᠤ ᠲᠣᠭᠤᠷᠢᠭ︾ ᠢ ᠪᠠᠶᠢᠭᠤᠯᠵᠤ᠂ ᠬᠠᠯᠠᠭᠤᠨ ᠳᠤᠯᠠᠭᠠᠨ ᠵᠣᠯ | ᠵᠢᠷᠭᠠᠯ ᠲᠠᠢ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠡᠶ᠎ᠡ ᠨᠠᠶᠢᠷᠳᠠᠢ ᠭᠤᠶᠤ ᠰᠠᠶᠢᠬᠠᠨ ᠬᠦᠷᠦᠨ ᠨᠡᠶᠢᠬᠡᠮ ᠲᠤᠭᠤᠷᠢᠭ ᠤᠨ ︽ᠵᠣᠯ ᠵᠢᠷᠭᠠᠯᠲᠤ ᠦᠵᠡᠮᠵᠢ︾ | ᠶᠢ ᠪᠤᠢ ᠪᠤᠯᠭᠠᠨ᠎ᠠ᠃ | ᠨᠠᠰᠤᠲᠠᠶᠢᠴᠤᠳ ᠤᠨ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠶᠢᠨ ᠲᠤᠷᠠᠴᠤᠳ᠂ ᠠᠵᠢᠯᠲᠠᠳ ᠢ ᠵᠣᠬᠢᠶᠠᠨ ᠪᠠᠶᠢᠭᠤᠯᠤᠨ | ᠨᠡᠶᠢᠭᠡᠮ ᠲᠣᠭᠤᠷᠢᠭ᠂ ᠰᠠᠭᠤᠭᠠᠯᠢ ᠲᠣᠭᠤᠷᠢᠭ᠂ ᠬᠡᠷ ᠪᠦᠯᠢ ᠳᠤ ᠣᠴᠢᠭᠤᠯᠵᠤ᠂ ᠵᠠᠰᠠᠭ ᠤᠨ ᠶᠠᠪᠤᠳᠠᠯ ᠢᠶᠠᠷ ᠨᠠᠰᠤᠲᠠᠶᠢᠴᠤᠳ ᠢ ᠲᠤᠰᠠᠯᠠᠬᠤ᠂ ᠡᠷᠡᠭᠦᠯ ᠮᠡᠨᠳᠦ ᠪᠠᠷ | ᠨᠠᠰᠤᠲᠠᠶᠢᠴᠤᠳ ᠢ ᠲᠤᠰᠠᠯᠠᠬᠤ᠂ ᠠᠮᠢᠳᠤᠷᠠᠯ ᠢᠶᠠᠷ ᠨᠠᠰᠤᠲᠠᠶᠢᠴᠤᠳ ᠢ ᠲᠤᠰᠠᠯᠠᠬᠤ ︽ᠭᠤᠷᠪᠠ ᠶᠢ ᠲᠤᠰᠠᠯᠠᠬᠤ︾ ᠦᠢᠯᠡᠴᠢᠯᠡᠭᠡ ᠶᠢ ᠪᠠᠶᠢᠩᠭᠤ ᠥᠷᠨᠢᠭᠦᠯᠦᠨ᠎ᠡ︔ | ᠬᠠᠷᠢᠶ᠎ᠠ ᠣᠷᠣᠨ ᠤ ᠡᠮᠴᠢᠯᠡᠭᠡᠨ ᠤ ᠬᠠᠮᠲᠤ ᠪᠠᠷ ᠪᠠᠶᠢᠭᠤᠯᠬᠤ ᠨᠢᠭᠡᠴᠡ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠲᠠᠢ ᠬᠠᠮᠲᠤᠷᠠᠨ ᠬᠠᠷᠢᠶ᠎ᠠ ᠣᠷᠣᠨ ᠤ | ᠨᠠᠰᠤᠲᠠᠶᠢᠴᠤᠳ ᠲᠤ ᠠᠯᠪᠠᠨ ᠵᠢᠷᠤᠮ ᠤᠨ ᠡᠮᠴᠢᠯᠡᠭᠡ᠂ ᠡᠷᠡᠭᠦᠯ ᠮᠡᠨᠳᠦ ᠶᠢᠨ ᠪᠠᠶᠢᠴᠠᠭᠠᠯᠲᠠ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ ᠮᠡᠬᠡᠯᠡᠯ ᠢ ᠰᠡᠷᠭᠡᠶᠢᠯᠡᠬᠦ | ᠤᠬᠠᠭᠤᠯᠭ᠎ᠠ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠲᠠᠶᠢᠯᠤᠮᠵᠢ ᠵᠡᠷᠭᠡ ᠨᠠᠰᠤᠲᠠᠨ ᠢ ᠲᠤᠰᠠᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠬᠢᠵᠦ᠂ | ᠨᠠᠰᠤᠲᠠᠶᠢᠴᠤᠳ ᠤᠨ ᠠᠮᠢᠳᠤᠷᠠᠯ ᠤᠨ ᠶᠠᠰᠤ ᠴᠢᠨᠠᠷ ᠢ ᠦᠨᠡᠨ ᠬᠦ ᠲᠡᠭᠡᠭᠰᠢᠯᠡᠬᠦᠯᠦᠨ᠎ᠡ᠃ | ︽ᠣᠶᠤᠨ ᠰᠠᠨᠠᠭᠠᠨ ᠤ ᠬᠠᠶᠢᠷ᠎ᠠ ᠬᠠᠯᠠᠮᠵᠢ︾ ᠶᠢᠨ ᠦᠰᠦᠨ ᠪᠤᠶᠢᠵᠢᠬᠤ ᠥᠷᠲᠡᠭᠡ ᠶᠢ ᠪᠠᠶᠢᠭᠤᠯᠵᠤ᠂ ᠬᠡᠦᠬᠡᠳ ᠤᠨ ᠠᠵᠢᠯᠯᠠᠭᠠᠨ ᠤ ᠲᠠᠰᠤᠭ᠂ ᠨᠠᠰᠤᠨ ᠳᠤ | ᠥᠯᠥ ᠬᠦᠷᠦᠭᠰᠡᠳ ᠤᠨ ᠰᠡᠳᠬᠢᠴᠡ ᠶᠢᠨ ᠵᠥᠪᠯᠡᠯᠭᠡ ᠥᠭᠬᠦ ᠲᠠᠰᠤᠭ᠂ ᠨᠣᠮ ᠤᠩᠰᠢᠬᠤ ᠲᠠᠰᠤᠭ᠂ ᠲᠣᠭᠯᠠᠭᠠᠮ ᠤᠨ ᠥᠷᠥᠭᠡ᠂ ᠬᠡᠷ ᠤᠨ ᠳᠣᠲᠣᠨ᠎ᠠ ᠭᠠᠳᠠᠨᠠᠬᠢ | ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠵᠡᠷᠭᠡ ᠠᠵᠢᠯᠯᠠᠭᠠᠨ ᠤ ᠣᠷᠣᠨ ᠪᠦᠰᠡ ᠶᠢ ᠪᠠᠶᠢᠭᠤᠯᠵᠤ᠂ ᠬᠡᠦᠬᠡᠳ ᠤᠨ ᠪᠢᠴᠢᠯ ᠬᠦᠰᠡᠯ ᠡᠷᠡᠮᠡᠯᠵᠡᠯ ᠢ ᠴᠤᠭᠯᠠᠭᠤᠯᠵᠤ᠂ | ᠬᠠᠷᠢᠶ᠎ᠠ ᠣᠷᠣᠨ ᠤ ᠬᠠᠮᠲᠤ ᠪᠠᠷ ᠪᠠᠶᠢᠭᠤᠯᠬᠤ ᠨᠢᠭᠡᠴᠢ᠂ ᠨᠠᠮ ᠤᠨ ᠭᠡᠰᠢᠭᠦᠨ ᠰᠠᠶᠢᠨ ᠳᠤᠷᠠᠴᠤᠳ ᠵᠡᠷᠭᠡ ᠶᠢ ᠵᠣᠬᠢᠶᠠᠨ ᠪᠠᠶᠢᠭᠤᠯᠤᠨ᠂ ᠲᠣᠭᠲᠠᠮᠠᠯ | ᠬᠤᠭᠤᠴᠠᠭ᠎ᠠ ᠲᠠᠢ ᠪᠠᠷ ︽ᠪᠢᠴᠢᠯ ᠬᠦᠰᠡᠯ ᠡᠷᠡᠮᠡᠯᠵᠡᠯ ᠢ ᠬᠡᠷᠡᠯᠳᠦᠬᠦᠯᠬᠦ︾ ᠠᠵᠢᠯᠯᠠᠭ᠎ᠠ ᠥᠷᠨᠢᠭᠦᠯᠵᠦ᠂ ᠬᠡᠦᠬᠡᠳ ᠲᠤ ᠬᠠᠨᠳᠤᠯᠭᠠᠲᠤ ᠴᠢᠨᠠᠷᠲᠠᠶ ᠪᠠᠷ ᠬᠠᠯᠠᠮᠵᠢᠯᠠᠯ ᠪᠠ | ᠬᠠᠪᠰᠤᠷᠤᠯᠭ᠎ᠠ ᠦᠵᠡᠭᠦᠯᠵᠦ᠂ ᠬᠡᠦᠬᠡᠳ ᠤᠨ ᠰᠡᠳᠬᠢᠯ ᠢ ᠬᠠᠯᠠᠮᠵᠢᠯᠠᠨ ᠬᠠᠮᠠᠭᠠᠯᠠᠬᠤ᠂ ᠬᠠᠶᠢᠷ᠎ᠠ ᠬᠠᠯᠠᠮᠵᠢ ᠪᠠᠷ ᠬᠦᠰᠡᠯ ᠵᠡᠭᠦᠳᠦ ᠶᠢ ᠨᠢ ᠲᠡᠷᠬᠡᠯᠰᠢᠬᠦᠯᠦᠨ ᠥᠰᠬᠡᠵᠦ᠂ | ᠦᠨᠡᠨ ᠪᠣᠳᠠᠲᠠᠶ ᠦᠢᠯᠡ ᠠᠵᠢᠯᠯᠠᠭ᠎ᠠ ᠪᠠᠷ ᠬᠡᠦᠬᠡᠳ ᠤᠨ ᠦᠰᠦᠨ ᠪᠤᠶᠢᠵᠢᠬᠤ ᠳᠤ ᠪᠠᠲᠤᠯᠠᠭ᠎ᠠ ᠬᠠᠩᠭᠠᠨ᠎ᠠ᠃ | ᠰᠣᠶᠣᠯ ᠴᠡᠩᠭᠡᠯ ᠤᠨ ᠡᠬᠢ ᠪᠠᠶᠠᠯᠢᠭ ᠢ ᠭᠦᠨᠵᠡᠭᠡᠶ ᠠᠭᠤᠳᠠᠯᠵᠤ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠶᠠᠰᠤ ᠴᠢᠨᠠᠷ ᠢ ᠲᠠᠰᠤᠷᠠᠯᠲᠠ ᠥᠬᠡᠶ | ᠳᠡᠭᠡᠭᠰᠢᠯᠡᠭᠦᠯᠦᠨ᠂ ᠴᠢᠳᠠᠮᠵᠢᠲᠦ ᠲᠠᠰᠤᠭ ᠤᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠣᠯᠠᠨ ᠵᠦᠢᠯ ᠤᠨ ᠬᠡᠯᠪᠡᠷᠢ ᠮᠠᠶ᠋ᠢᠭ ᠲᠠᠢ᠂ ᠡᠯᠪᠡᠭ ᠪᠠᠶᠠᠯᠢᠭ | ᠠᠭᠤᠯᠭ᠎ᠠ ᠲᠠᠢ ᠵᠤᠭ᠎ᠠ ᠴᠡᠩᠭᠡᠯ ᠤᠨ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡᠨ ᠢ ᠥᠷᠭᠡᠨ ᠢᠶᠠᠷ ᠥᠷᠨᠢᠭᠦᠯᠦᠨ᠎ᠡ᠃ ᠵᠤᠭ᠎ᠠ ᠴᠡᠩᠭᠡᠯ ᠤᠨ ᠴᠢᠳᠠᠮᠵᠢ ᠶᠢᠨ | ᠲᠠᠰᠤᠭ ᠢ ᠪᠦᠬᠦ ᠴᠠᠭ ᠲᠤ ᠨᠡᠭᠡᠭᠡᠵᠦ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠤᠯᠠᠨ ᠶᠠᠩᠵᠤᠴᠢᠯᠠᠭᠰᠠᠨ ᠦᠢᠯᠡᠴᠢᠯᠡᠭᠡᠨ ᠤ ᠬᠡᠷᠡᠭᠴᠡᠭᠡ ᠶᠢ ᠤᠯᠠᠮ | ᠴᠢᠨᠠᠭᠰᠢᠳᠠ ᠬᠠᠩᠭᠠᠨ᠎ᠠ᠃ ᠬᠠᠮᠲᠤ ᠪᠠᠷ ᠪᠠᠶᠢᠭᠤᠯᠬᠤ ᠨᠢᠭᠡᠴᠢ ᠶᠢᠨ ᠤᠳᠬ᠎ᠠ ᠤᠷᠠᠯᠢᠭ ᠤᠨ ᠬᠦᠴᠦᠨ ᠢ ᠪᠦᠲᠦᠮᠵᠢᠲᠡᠢ ᠡᠮᠬᠢᠯᠡᠨ ᠨᠡᠶᠢᠯᠡᠭᠦᠯᠵᠦ᠂ ᠠᠰᠢᠭᠯᠠᠨ᠂ | ᠰᠣᠶᠣᠯ ᠤᠨ ᠰᠠᠶᠢᠨ ᠳᠤᠷ᠎ᠠ ᠶᠢᠨ ᠦᠢᠯᠡᠴᠢᠯᠡᠭᠡ᠂ ᠦᠨᠳᠦᠰᠦᠲᠡᠨ ᠤ ᠤᠨᠴᠠᠯᠢᠬᠳᠤ ᠲᠣᠭᠯᠠᠯᠲᠠ ᠵᠡᠷᠭᠡ ᠠᠵᠢᠯᠯᠠᠭ᠎ᠠ ᠶᠢ ᠵᠠᠯᠭᠠᠭ᠎ᠠ ᠪᠠᠷ ᠥᠷᠨᠢᠭᠦᠯᠵᠦ᠂ ᠨᠡᠶᠢᠭᠡᠮ | ᠲᠣᠭᠤᠷᠢᠭ ᠤᠨ ᠰᠣᠶᠣᠯ ᠵᠤᠭ᠎ᠠ ᠴᠡᠩᠭᠡᠯ ᠤᠨ ᠠᠵᠢᠯᠯᠠᠭ᠎ᠠ ᠶᠢᠨ ᠰᠢᠨ᠎ᠡ᠂ ᠭᠤᠶᠢᠳᠠ ᠰᠠᠶᠢᠬᠠᠨ᠂ ᠬᠢᠯᠠᠰ ᠴᠡᠭ ᠲᠠᠢ ᠪᠣᠯᠬᠤ ᠶᠢ ᠠᠬᠢᠭᠤᠯᠪᠠ᠃ | ᠲᠠᠷᠠᠭᠠᠴᠢ ᠶᠢᠨ ᠠᠯᠬᠤᠮ ᠳᠤ᠂ ᠬᠦᠷᠦᠨ ᠨᠡᠶᠢᠭᠡᠮ ᠲᠣᠭᠤᠷᠢᠭ ᠨᠢ ︽ᠲᠣᠭᠤᠷᠢᠭ ᠠᠴᠠ ᠭᠠᠷᠭᠠᠬᠤ︾ ᠦᠢᠯᠡᠴᠢᠯᠡᠭᠡᠨ ᠤ ᠵᠠᠭᠪᠤᠷ ᠢ ᠦᠷᠭᠦᠯᠵᠢᠯᠡᠨ | ᠰᠦᠪᠡᠭᠴᠢᠯᠡᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠴᠢᠯᠡᠭᠡᠨ ᠢ ᠦᠨᠳᠦᠰᠦᠨ ᠱᠠᠲᠤᠨ ᠳᠤ ᠬᠦᠷᠲᠡᠯ᠎ᠡ ᠤᠷᠲᠤᠳᠬᠠᠵᠤ᠂ ᠨᠠᠰᠤᠲᠠᠶᠢᠴᠤᠳ ᠢ ︽ | ᠥᠲᠡᠯᠪᠡᠯ ᠲᠦᠰᠢᠭ ᠲᠤᠯᠭᠠᠭᠤᠷᠢ ᠲᠠᠢ︾᠂ ᠬᠡᠦᠬᠡᠳ ᠪᠠᠭᠠᠴᠤᠳ ᠢ ︽ᠪᠠᠯᠴᠢᠷ ᠲᠤᠨᠢ ᠬᠠᠮᠠᠭᠠᠯᠠᠯᠲᠠ ᠲᠠᠢ︾᠂ ᠰᠠᠭᠤᠭᠠᠯᠢ ᠠᠷᠠᠳ ᠢ ︽ᠪᠠᠶᠠᠷ ᠵᠢᠷᠭᠠᠯ ᠢ ᠡᠳ᠋ᠯᠡᠬᠦ︾ | ᠪᠣᠯᠭᠠᠵᠤ᠂ ᠨᠡᠶᠢᠭᠡᠮ ᠲᠣᠭᠤᠷᠢᠭ ᠤᠨ ︽ᠵᠣᠯ ᠵᠢᠷᠭᠠᠯ ᠤᠨ ᠵᠢᠭᠰᠠᠭᠠᠯ ᠤᠨ ᠭᠠᠵᠠᠷ︾ ᠢ ᠪᠠᠶᠢᠭᠤᠯᠵᠤ᠂ ᠰᠠᠭᠤᠭᠠᠯᠢ ᠠᠷᠠᠳ ᠤᠨ ᠬᠦᠷᠲᠡᠮᠵᠢ ᠶᠢᠨ ᠲᠥᠷᠥᠭᠳᠡᠯ᠂ | ᠵᠣᠯ ᠵᠢᠷᠭᠠᠯᠲᠤ ᠲᠥᠷᠥᠭᠳᠡᠯ᠂ ᠬᠠᠷᠢᠶᠠᠯᠠᠭᠳᠠᠬᠤ ᠲᠥᠷᠥᠭᠳᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ |