| | | | ᠬᠠᠪᠤᠷ ᠤᠨ ᠲᠠᠷᠢᠶᠠᠯᠠᠭ᠎ᠠ ᠶᠢᠨ ᠴᠠᠭ ᠮᠥᠴᠡ ᠳᠤ᠂ ᠪᠠᠭᠠᠷᠢᠨ ᠪᠠᠷᠠᠭᠤᠨ ᠬᠤᠰᠢᠭᠤ ᠲᠠᠷᠢᠶᠠᠯᠠᠩ ᠤᠨ ᠬᠡᠷᠡᠭᠰᠡᠯ ᠤᠨ ᠨᠥᠭᠡᠴᠡᠯᠡᠯᠲᠡ ᠠᠴᠠ ᠲᠠᠷᠢᠮᠠᠯ ᠤᠨ ᠠᠵᠢᠯ | ᠬᠦᠷᠲᠡᠯ᠎ᠡ᠂ ᠲᠠᠬᠢᠨ ᠮᠡᠷᠭᠡᠵᠢᠯ ᠤᠨ ᠪᠣᠯᠪᠠᠰᠤᠷᠠᠯ ᠪᠠ ᠳᠡᠯᠭᠡᠷᠡᠭᠦᠯᠦᠯᠲᠡ ᠬᠦᠷᠲᠡᠯ᠎ᠡ᠂ ᠣᠯᠠᠨ ᠲᠠᠯ᠎ᠠ ᠪᠠᠷ ᠬᠦᠴᠦᠯᠡᠵᠦ᠂ ᠲᠠᠷᠢᠶᠠᠯᠠᠩ ᠤᠨ ᠡᠯᠪᠡᠭ ᠬᠤᠷᠢᠶᠠᠯᠲᠠ | ᠤᠯᠬᠤ ᠳᠤ ᠪᠠᠲᠤ ᠪᠠᠬᠢ ᠪᠠᠲᠤᠯᠠᠭ᠎ᠠ ᠬᠠᠩᠭᠠᠪᠠ᠃ | ᠪᠠᠭᠠᠷᠢᠨ ᠪᠠᠷᠠᠭᠤᠨ ᠬᠤᠰᠢᠭᠤᠨ ᠤ 2025 ᠣᠨ ᠤ ᠲᠥᠯᠥᠪᠯᠡᠭᠰᠡᠨ ᠲᠠᠷᠢᠮᠠᠯ ᠤᠨ ᠲᠠᠯᠠᠪᠠᠶ 200 ᠲᠦᠮᠡᠨ ᠮᠥ᠃ ᠪᠥᠬᠦ ᠬᠤᠰᠢᠭᠤᠨ ᠤ ᠲᠠᠷᠢᠮᠠᠯ ᠤᠨ | ᠵᠦᠢᠯ ᠤᠨ ᠪᠥᠬᠦ ᠵᠢᠯ ᠤᠨ ᠦᠢᠯᠡᠳᠪᠦᠷᠢᠯᠡᠯ ᠳᠤ ᠬᠡᠷᠡᠭᠰᠡᠬᠦ ᠦᠷ᠎ᠡ ᠪᠠᠷᠤᠭ 7496 ᠲᠣᠨ᠂ ᠬᠢᠮᠢ ᠶᠢᠨ ᠪᠣᠷᠲᠣᠭᠤᠷ 2 . 05 ᠲᠦᠮᠡᠨ ᠲᠣᠨ᠂ ᠰᠦᠯᠢᠶᠣᠣ | ᠪᠦᠷᠬᠦᠪᠴᠢ 3360 ᠲᠣᠨ᠂ ᠲᠠᠷᠢᠶᠠᠨ ᠡᠮ 197 . 55 ᠲᠣᠨ᠃ ᠣᠳᠣᠬᠠᠨ ᠳᠤ ᠪᠥᠬᠦ ᠬᠤᠰᠢᠭᠤᠨ ᠤ ᠬᠠᠪᠤᠷ ᠤᠨ ᠲᠠᠷᠢᠶᠠᠯᠠᠭ᠎ᠠ ᠶᠢᠨ ᠡᠳ᠋ ᠪᠣᠳᠠᠰ ᠤᠨ | ᠨᠥᠭᠡᠴᠡᠯᠡᠯᠲᠡ ᠶᠢᠨ ᠬᠡᠰᠡᠭ ᠬᠢᠮᠢ ᠶᠢᠨ ᠪᠣᠷᠲᠣᠭᠤᠷ ᠪᠠ ᠲᠠᠷᠢᠶᠠᠨ ᠡᠮ ᠠᠴᠠ ᠪᠤᠰᠤᠳ ᠨᠢ ᠴᠥᠮ ᠪᠣᠳᠠᠲᠠᠶᠢᠵᠢᠵᠤ᠂ ᠬᠠᠪᠤᠷ ᠤᠨ ᠲᠠᠷᠢᠶᠠᠯᠠᠭ᠎ᠠ ᠶᠢᠨ ᠬᠡᠷᠡᠭᠴᠡᠭᠡ ᠶᠢ | ᠬᠠᠩᠭᠠᠵᠤ ᠪᠣᠶ᠂ ᠬᠤᠰᠢᠭᠤᠨ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠦᠷᠭᠦᠯᠵᠢᠯᠡᠨ ᠳᠠᠭᠠᠵᠤ ᠳᠣᠭᠢᠷᠠᠭᠤᠯᠤᠨ᠂ ᠰᠠᠶᠢᠲᠤᠷ ᠵᠣᠬᠢᠴᠠᠭᠤᠯᠵᠤ᠂ ᠪᠥᠬᠦ | ᠵᠢᠯ ᠤᠨ ᠦᠢᠯᠡᠳᠪᠦᠷᠢᠯᠡᠯ ᠤᠨ ᠬᠡᠷᠡᠭᠴᠡᠭᠡ ᠶᠢ ᠬᠦᠢᠴᠡᠳ ᠬᠠᠩᠭᠠᠬᠤ ᠶᠢ ᠦᠨᠡᠨ ᠬᠦ ᠪᠠᠲᠤᠯᠠᠨ᠎ᠠ᠃ | ᠣᠳᠣᠬᠠᠨ ᠪᠣᠯᠲᠠᠯ᠎ᠠ᠂ ᠪᠠᠭᠠᠷᠢᠨ ᠪᠠᠷᠠᠭᠤᠨ ᠬᠤᠰᠢᠭᠤᠨ ᠤ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠨᠡᠶᠢᠲᠡ 174 . 8 ᠲᠦᠮᠡᠨ ᠮᠥ ᠪᠠᠶᠢᠵᠤ᠂ | ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 2 . 9 ᠲᠦᠮᠡᠨ ᠮᠥ ᠪᠠᠭᠠᠰᠴᠤ᠂ ᠪᠦᠬᠦᠯᠢ ᠴᠣᠭᠴᠠ ᠶᠢᠨ ᠠᠬᠢᠴᠠ ᠲᠣᠭᠲᠠᠭᠤᠨ ᠪᠠᠶᠢᠨ᠎ᠠ᠃ ᠡᠭᠦᠨ ᠳᠤ | ᠠᠮᠤ ᠪᠤᠳᠠᠭᠠᠨ ᠤ ᠲᠠᠷᠢᠮᠠᠯ ᠨᠢᠭᠡᠨᠲᠡ 121 ᠲᠦᠮᠡᠨ ᠮᠥ᠂ ᠡᠷᠳᠡᠨᠢ ᠰᠢᠰᠢ ᠶᠢᠨ ᠭᠤᠤᠯ ᠠᠮᠤ ᠪᠤᠳᠠᠭᠠᠨ ᠤ ᠲᠠᠷᠢᠮᠠᠯ 86 ᠲᠦᠮᠡᠨ ᠮᠥ᠂ ᠪᠣᠭᠤᠳᠠᠶ 0 . 5 | ᠲᠦᠮᠡᠨ ᠮᠥ᠂ ᠤᠰᠤᠨ ᠲᠤᠲᠤᠷᠭ᠎ᠠ 0 . 5 ᠲᠦᠮᠡᠨ ᠮᠥ᠂ ᠪᠤᠰᠤᠳ ᠠᠮᠤ ᠪᠤᠳᠠᠭ᠎ᠠ 24 ᠲᠦᠮᠡᠨ ᠮᠥ᠂ ᠰᠢᠷ᠎ᠠ ᠪᠤᠷᠴᠠᠭ 7 ᠲᠦᠮᠡᠨ ᠮᠥ᠂ ᠲᠥᠮᠥᠰᠥ 3 | ᠲᠦᠮᠡᠨ ᠮᠥ ᠪᠠᠭᠲᠠᠨ᠎ᠠ︔ 2 . 8 ᠲᠦᠮᠡᠨ ᠮᠥ ᠠᠵᠤ ᠠᠬᠤᠶ ᠶᠢᠨ ᠲᠠᠷᠢᠮᠠᠯ︔ ᠨᠣᠭᠤᠭᠠᠨ ᠳᠠᠷᠤᠰᠢ 51 ᠲᠦᠮᠡᠨ ᠮᠥ᠃ | ᠲᠠᠷᠢᠶᠠᠯᠠᠩ ᠤᠨ ᠮᠡᠷᠭᠡᠵᠢᠯ ᠤᠨ ᠲᠤᠰᠬᠠᠶ ᠮᠡᠷᠭᠡᠵᠢᠯᠲᠡᠳ ᠢ ᠢᠳᠡᠪᠬᠢᠲᠡᠶ ᠵᠣᠬᠢᠶᠠᠨ ᠪᠠᠶᠢᠭᠤᠯᠤᠨ ᠬᠥᠳᠡᠭᠡ ᠪᠠᠭᠤᠯᠭᠠᠵᠤ᠂ ᠬᠠᠪᠤᠷ ᠤᠨ ᠤᠯᠠᠷᠢᠯ ᠤᠨ | ᠪᠣᠯᠪᠠᠰᠤᠷᠠᠭᠤᠯᠤᠯ ᠤᠨ ᠬᠤᠷᠠᠯ ᠡᠷᠬᠢᠯᠡᠪᠡ᠃ ᠣᠳᠣᠬᠠᠨ ᠪᠣᠯᠲᠠᠯ᠎ᠠ᠂ ᠨᠢᠭᠡᠨᠲᠡ 11 ᠰᠤᠮᠤ ᠪᠠᠯᠭᠠᠰᠤ ᠵᠡᠭᠡᠯᠢ ᠭᠤᠳᠤᠮᠵᠢ ᠳᠤ 20 ᠭᠠᠷᠤᠶ ᠬᠤᠭᠤᠴᠠᠭᠠᠨ ᠤ | ᠪᠣᠯᠪᠠᠰᠤᠷᠠᠯ ᠥᠷᠨᠢᠭᠦᠯᠵᠦ᠂ ᠪᠣᠯᠪᠠᠰᠤᠷᠠᠯ ᠤᠨ ᠠᠭᠤᠯᠭ᠎ᠠ ᠨᠢ ᠣᠳᠣᠬᠠᠨ ᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠴᠡᠭᠡ ᠪᠠᠷ ᠭᠤᠤᠯᠳᠠᠭᠤᠯᠵᠤ᠂ ᠡᠷᠳᠡᠨᠢ | ᠰᠢᠰᠢ ᠶᠢ ᠨᠢᠭᠲᠠ ᠳᠠᠷᠢᠬᠤ᠂ ᠰᠠᠭᠤᠷᠢ ᠪᠣᠷᠲᠣᠭᠤᠷ ᠣᠷᠣᠭᠤᠯᠬᠤ ᠮᠡᠷᠭᠡᠵᠢᠯ᠂ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ ᠵᠢᠴᠢ ᠲᠠᠷᠢᠶᠠᠨ | ᠡᠮ ᠤᠨ ᠬᠡᠮᠵᠢᠶ᠎ᠡ ᠶᠢ ᠪᠠᠭᠠᠰᠬᠠᠬᠤ ᠮᠡᠷᠭᠡᠵᠢᠯ ᠵᠡᠷᠭᠡ ᠵᠠᠩᠭᠢᠯᠠᠭ᠎ᠠ ᠶᠢᠨ ᠬᠦᠷᠢᠶ᠎ᠡ ᠶᠢ ᠬᠠᠮᠤᠷᠴᠠᠶ᠃ ᠣᠨᠣᠯ ᠤᠨ ᠲᠠᠶᠢᠯᠤᠮᠵᠢ ᠬᠢᠬᠦ᠂ ᠬᠠᠷᠢᠯᠴᠠᠨ ᠦᠢᠯᠡᠳᠦᠯᠴᠡᠨ | ᠮᠠᠲᠠᠭ ᠢ ᠲᠠᠶᠢᠯᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠲᠠᠷᠢᠶᠠᠴᠢᠳ ᠲᠤ ᠲᠡᠷᠢᠭᠦᠨ ᠤ ᠲᠠᠷᠢᠶᠠᠯᠠᠩ ᠤᠨ ᠮᠡᠷᠭᠡᠵᠢᠯ ᠢ ᠤᠯᠠᠮᠵᠢᠯᠠᠨ ᠵᠢᠭᠠᠵᠤ᠂ | ᠲᠠᠷᠢᠶᠠᠴᠢᠳ ᠤᠨ ᠰᠢᠨᠵᠢᠯᠡᠬᠦ ᠤᠬᠠᠭᠠᠨᠴᠢ ᠪᠠᠷ ᠳᠠᠷᠢᠬᠤ ᠬᠢᠷᠢ ᠬᠡᠮᠵᠢᠶ᠎ᠡ ᠶᠢ ᠪᠦᠲᠦᠮᠵᠢᠲᠡᠶ ᠳᠡᠭᠡᠭᠰᠢᠯᠡᠭᠦᠯᠦᠨ᠂ ᠲᠠᠷᠢᠶᠠᠯᠠᠩ ᠤᠨ ᠪᠣᠬᠢᠷᠲᠤᠯ ᠥᠬᠡᠶ᠂ ᠥᠨᠳᠥᠷ | ᠪᠦᠲᠦᠮᠵᠢᠲᠡᠶ ᠬᠥᠭᠵᠢᠯᠲᠡ ᠳᠤ ᠬᠦᠴᠦᠨ ᠨᠡᠮᠡᠷᠢᠯᠡᠨ᠎ᠡ᠃ | ᠪᠠᠭᠠᠷᠢᠨ ᠪᠠᠷᠠᠭᠤᠨ ᠬᠤᠰᠢᠭᠤ 20 ᠲᠦᠮᠡᠨ ᠮᠥ ᠡᠷᠳᠡᠨᠢ ᠰᠢᠰᠢ ᠨᠢᠭᠲᠠ ᠳᠠᠷᠢᠬᠤ ᠨᠠᠷᠢᠯᠢᠭ ᠣᠨᠣᠴᠠᠲᠠᠶ ᠳᠣᠭᠢᠷᠠᠭᠤᠯᠤᠨ ᠡᠵᠡᠮᠳᠡᠬᠦ ᠮᠡᠷᠭᠡᠵᠢᠯ ᠢ | ᠳᠡᠯᠭᠡᠷᠡᠭᠦᠯᠬᠦ ᠶᠢᠨ ᠲᠥᠯᠥᠭᠡ᠂ ︽1119 + 2 + N︾ ᠦᠢᠯᠡᠴᠢᠯᠡᠬᠡᠨ ᠤ ᠵᠠᠭᠪᠤᠷ ᠲᠤ ᠰᠢᠨ᠎ᠡ ᠶᠢ ᠡᠭᠦᠳᠦᠨ ᠬᠡᠷᠡᠭᠵᠢᠭᠦᠯᠵᠦ᠂ ᠳᠠᠷᠤᠶ 1 ᠲᠥᠰᠦᠯ᠂ 1 | ᠪᠠᠶᠢᠯᠳᠤᠭᠠᠨ ᠤ ᠵᠢᠷᠤᠭ᠂ 1 ᠬᠤᠰᠢᠭᠤᠴᠢ ᠠᠩᠭᠢ᠂ 9 ᠵᠠᠭᠤᠨ ᠮᠥ ᠵᠢᠱᠢᠶ᠎ᠡ ᠦᠵᠡᠭᠦᠯᠬᠦ ᠬᠡᠰᠡᠭ᠂ 2 ᠲᠤᠷᠰᠢᠯᠲᠠ ᠶᠢᠨ ᠬᠦᠷᠢᠶᠡᠯᠡᠩ ᠲᠣᠭᠤᠷᠢᠭ᠂ N | ᠤᠳᠠᠭ᠎ᠠ ᠶᠢᠨ ᠪᠣᠯᠪᠠᠰᠤᠷᠠᠭᠤᠯᠤᠯ ᠢ ᠬᠡᠷᠡᠭᠵᠢᠭᠦᠯᠵᠦ᠂ ᠲᠥᠯᠥᠪᠵᠢᠭᠦᠯᠭᠡ ᠶᠢ ᠤᠷᠢᠳ ᠢᠶᠠᠷ ᠬᠡᠷᠡᠭᠵᠢᠭᠦᠯᠬᠦ᠂ ᠨᠠᠷᠢᠯᠢᠭ ᠬᠠᠮᠢᠶᠠᠷᠬᠤ᠂ ᠪᠥᠬᠦ ᠶᠠᠪᠤᠴᠠ ᠳᠤ | ᠦᠢᠯᠡᠴᠢᠯᠡᠬᠦ ᠪᠠᠷ ᠣᠶᠢᠯᠠᠭᠠᠭᠳᠠᠬᠤᠨ ᠪᠣᠯᠭᠠᠵᠤ᠂ ᠮᠡᠷᠭᠡᠵᠢᠯ ᠳᠡᠯᠭᠡᠷᠡᠭᠦᠯᠬᠦ ᠰᠢᠰᠲ᠋ᠧᠮ ᠢ ᠪᠠᠶᠢᠭᠤᠯᠪᠠ᠃ ᠪᠥᠬᠦ ᠬᠤᠰᠢᠭᠤᠨ ᠤ 9 ᠵᠠᠭᠤᠨ ᠮᠥ ᠵᠢᠱᠢᠶ᠎ᠡ ᠦᠵᠡᠭᠦᠯᠬᠦ | ᠬᠡᠰᠡᠭ ᠨᠢ ᠤᠰᠤ ᠪᠣᠷᠲᠣᠭᠤᠷ ᠢ ᠨᠢᠭᠡ ᠴᠣᠭᠴᠠᠵᠢᠭᠤᠯᠬᠤ ᠪᠠᠷ ᠭᠤᠤᠯ ᠪᠣᠯᠭᠠᠵᠤ᠂ ︽ᠲᠠᠷᠢᠶᠠᠯᠠᠩ ᠢ ᠲᠤᠰᠠᠯᠠᠬᠤ ᠬᠤᠰᠢᠭᠤᠴᠢ ᠠᠩᠭᠢ︾ ᠳᠤ ᠲᠦᠰᠢᠭᠯᠡᠨ | ᠲᠠᠷᠢᠶᠠᠯᠠᠩ ᠤᠨ ᠮᠡᠷᠭᠡᠵᠢᠯ ᠤᠨ ᠦᠢᠯᠡᠴᠢᠯᠡᠭᠡ ᠥᠷᠨᠢᠭᠦᠯᠵᠦ᠂ ᠨᠢᠭᠲᠠ ᠲᠠᠷᠢᠬᠤ ᠡᠬᠦᠯᠳᠡᠷ᠂ ᠳᠠᠷᠢᠬᠤ ᠠᠴᠠ ᠡᠮᠦᠨ᠎ᠡ ᠭᠠᠵᠠᠷ ᠲᠡᠭᠰᠢᠯᠡᠬᠦ᠂ ᠨᠠᠷᠢᠯᠢᠭ ᠬᠡᠮᠵᠢᠶ᠎ᠡ ᠪᠠᠷ | ᠳᠠᠷᠢᠬᠤ᠂ ᠡᠪᠡᠳᠴᠢᠨ ᠬᠤᠷᠣᠬᠠᠶ ᠶᠢ ᠰᠡᠷᠭᠡᠶᠢᠯᠡᠨ ᠡᠵᠡᠮᠳᠡᠬᠦ ᠵᠡᠷᠭᠡ ᠨᠠᠢᠮᠠᠨ ᠵᠦᠢᠯ ᠤᠨ ᠵᠠᠩᠭᠢᠯᠠᠭ᠎ᠠ ᠶᠢᠨ ᠮᠡᠷᠭᠡᠵᠢᠯ ᠢ ᠬᠤᠷᠠᠮᠳᠤᠭᠤᠯᠤᠨ ᠬᠡᠷᠡᠭᠯᠡᠵᠦ᠂ 6000 | ᠰᠠᠭᠤᠷᠢ ᠴᠢᠬᠢ ᠬᠠᠮᠠᠭᠠᠯᠠᠬᠤ ᠶᠢ ᠪᠡᠶᠡᠯᠡᠭᠦᠯᠵᠦ᠂ ᠪᠦᠷᠬᠦᠪᠴᠢ ᠥᠬᠡᠶ ᠪᠠᠷ ᠭᠦᠶᠦᠭᠡᠨ ᠪᠤᠯᠠᠵᠤ ᠨᠢᠭᠲᠠ ᠤᠰᠤᠯᠠᠬᠤ ᠮᠡᠷᠭᠡᠵᠢᠯ ᠢ ᠪᠥᠬᠦ ᠬᠡᠪᠴᠢᠶᠡᠨ ᠳᠤ | ᠳᠡᠯᠭᠡᠷᠡᠭᠦᠯᠬᠦ ᠶᠢ ᠵᠢᠱᠢᠶ᠎ᠡ ᠦᠵᠡᠭᠦᠯᠦᠨ ᠬᠥᠲᠥᠯᠥᠨ ᠵᠢᠯᠣᠭᠤᠳᠴᠤ᠂ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ ᠳᠠᠯᠳᠠ ᠬᠦᠴᠦᠨ ᠢ ᠠᠭᠤᠳᠠᠯᠬᠤ ᠳᠤ ᠬᠦᠴᠦᠨ | ᠨᠡᠮᠡᠷᠢᠯᠡᠵᠦ᠂ ᠲᠠᠯᠠᠪᠠᠶ ᠨᠢᠭᠡᠴᠢ ᠶᠢᠨ ᠤᠨᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ |