ᠲᠢᠶᠠᠨ ᠶᠦᠩ ᠰᠢᠶᠠᠩ ᠬᠤᠰᠢᠭᠤᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/6/5
      6 ᠰᠠᠷ᠎ᠠ ᠶᠢᠨ 4᠎ ᠤ ᠡᠳᠦᠷ ᠤᠨ ᠦᠳᠡ ᠶᠢᠨ ᠡᠮᠦᠨ᠎ᠡ᠂ ᠬᠤᠰᠢᠭᠤᠨ ᠤ ᠨᠠᠮ ᠤᠨ ᠬᠤᠷᠢᠶ᠎ᠡ ᠶᠢᠨ ᠳᠡᠳ᠋ ᠱᠦᠵᠢ᠂ ᠬᠤᠰᠢᠭᠤᠨ ᠤ ᠵᠠᠰᠠᠭ ᠤᠨ ᠣᠷᠳᠣᠨ ᠤ ᠳᠠᠷᠤᠭ᠎ᠠ ᠲᠢᠶᠠᠨ ᠶᠦᠩ ᠰᠢᠶᠠᠩ ᠬᠤᠰᠢᠭᠤᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠠᠷᠪᠠᠨ ᠨᠢᠭᠡᠳᠦᠭᠡᠷ ᠬᠤᠭᠤᠴᠠᠭᠠᠨ ᠤ ᠪᠥᠬᠦ ᠣᠷᠣᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤ ᠪᠠᠭᠠᠷᠢᠨ ᠪᠠᠷᠠᠭᠤᠨ ᠬᠤᠰᠢᠭᠤᠨ ᠤ ᠬᠤᠪᠢᠶᠠᠷᠢ ᠤᠷᠤᠯᠳᠤᠭᠠᠨ ᠤ ᠲᠠᠯᠠᠪᠤᠷ ᠤᠨ ᠪᠡᠯᠡᠳᠬᠡᠯ ᠠᠵᠢᠯ ᠤᠨ ᠬᠠᠮᠢᠶ᠎ᠠ ᠪᠥᠬᠦᠶ ᠵᠦᠢᠯᠡᠰ ᠢ ᠲᠤᠰᠬᠠᠶ ᠰᠡᠳᠦᠪ ᠢᠶᠠᠷ ᠰᠤᠳᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠵᠠᠩ ᠰᠢᠶᠤᠤ ᠬᠤᠶ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠯᠸᠢ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠣᠮᠣᠭᠲᠣ ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠨᠢᠭᠡᠴᠡ ᠶᠢᠨ ᠭᠤᠤᠯ ᠬᠠᠷᠢᠭᠤᠴᠠᠯᠭᠠᠲᠠᠨ ᠨᠥᠬᠦᠳ ᠣᠷᠣᠯᠴᠠᠵᠠᠶ᠃      ᠬᠤᠷᠠᠯ ᠠᠴᠠ ᠤᠷᠤᠯᠳᠤᠭᠠᠨ ᠤ ᠪᠡᠯᠡᠳᠬᠡᠯ ᠠᠵᠢᠯ ᠤᠨ ᠶᠡᠷᠦᠩᠬᠡᠶ ᠠᠬᠢᠴᠠ ᠶᠢᠨ ᠪᠠᠶᠢᠳᠠᠯ᠂ ᠡᠯ᠎ᠡ ᠰᠠᠯᠠᠭ᠎ᠠ ᠮᠥᠴᠢᠷ ᠤᠨ ᠲᠥᠰᠦᠪ ᠤᠨ ᠪᠠᠶᠢᠳᠠᠯ ᠢ ᠰᠣᠨᠣᠰᠤᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠤᠷᠤᠯᠳᠤᠭᠠᠨ ᠡᠬᠢᠯᠡᠬᠦ ᠴᠠᠭ ᠤᠯᠠᠮ ᠠᠴᠠ ᠤᠯᠠᠮ ᠣᠶᠢᠷᠠᠳᠴᠤ᠂ ᠪᠡᠯᠡᠳᠬᠡᠯ ᠠᠵᠢᠯ ᠨᠢᠭᠡᠨᠲᠡ ᠡᠴᠦᠰ ᠤᠨ ᠪᠣᠭᠤᠮᠲᠠ ᠰᠢᠪᠲᠤᠯᠬᠤ ᠱᠠᠲᠤᠨ ᠳᠤ ᠣᠷᠣᠵᠤ᠂ ᠴᠠᠭ ᠪᠠᠴᠢᠮ᠂ ᠡᠭᠦᠷᠭᠡ ᠬᠦᠨᠳᠦ᠂ ᠡᠯ᠎ᠡ ᠠᠵᠢᠯᠯᠠᠬᠤ ᠳᠤᠭᠤᠶᠢᠯᠠᠩ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠷᠪᠠᠨ ᠨᠢᠭᠡᠳᠦᠭᠡᠷ ᠬᠤᠭᠤᠴᠠᠭᠠᠨ ᠤ ᠪᠥᠬᠦ ᠣᠷᠣᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤ ᠪᠠᠭᠠᠷᠢᠨ ᠪᠠᠷᠠᠭᠤᠨ ᠬᠤᠰᠢᠭᠤᠨ ᠤ ᠬᠤᠪᠢᠶᠠᠷᠢ ᠤᠷᠤᠯᠳᠤᠭᠠᠨ ᠤ ᠲᠠᠯᠠᠪᠠᠶ ᠶᠢᠨ ᠡᠯ᠎ᠡ ᠵᠦᠢᠯ ᠤᠨ ᠪᠡᠯᠡᠳᠬᠡᠯ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ᠃ ᠠᠵᠢᠯ ᠤᠨ ᠠᠬᠢᠴᠠ ᠪᠠᠨ ᠲᠦᠷᠭᠡᠳᠬᠡᠵᠦ᠂ ᠠᠵᠢᠯ ᠤᠨ ᠬᠤᠭᠤᠴᠠᠭ᠎ᠠ ᠪᠠᠨ ᠲᠣᠩᠭᠤᠷᠠᠭᠤᠯᠤᠨ ᠪᠠᠶᠢᠷᠢᠯᠠᠭᠤᠯᠵᠤ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠲᠣᠳᠣᠷᠬᠠᠶᠢᠯᠠᠵᠤ᠂ ᠬᠠᠷᠢᠭᠤᠴᠠᠯᠭ᠎ᠠ ᠶᠢ ᠬᠥᠮᠦᠨ ᠳᠤ ᠨᠠᠶᠢᠳᠠᠪᠤᠷᠢᠵᠢᠭᠤᠯᠤᠨ᠂ ᠠᠵᠢᠯ ᠨᠢᠭᠡᠪᠦᠷᠢ ᠶᠢ ᠴᠠᠭ ᠲᠤᠬᠠᠢ ᠳᠤᠨᠢ᠂ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠠᠷᠪᠢᠴᠢ ᠭᠠᠮᠲᠠᠶ ᠴᠤᠭᠯᠠᠭᠠᠨ ᠡᠷᠬᠢᠯᠡᠬᠦ ᠶᠢ ᠪᠠᠷᠢᠮᠲᠠᠯᠠᠵᠤ᠂ ᠤᠷᠤᠯᠳᠤᠭᠠᠨ ᠤ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠤᠷ᠎ᠠ᠂ ᠤᠷᠤᠯᠳᠤᠭᠠᠨ ᠡᠷᠭᠢᠯᠡᠬᠦ ᠥᠪᠡᠷ ᠤᠨ ᠥᠷᠲᠡᠭ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠵᠤ᠂ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠶ᠃ ᠡᠯ᠎ᠡ ᠠᠵᠢᠯᠯᠠᠬᠤ ᠳᠤᠭᠤᠶᠢᠯᠠᠩ ᠤᠨ ᠬᠤᠭᠤᠷᠣᠨᠳᠣ ᠪᠠᠨ ᠤᠯᠤᠯᠴᠠᠭ᠎ᠠ ᠰᠣᠯᠢᠯᠴᠠᠭ᠎ᠠ ᠪᠠᠨ ᠴᠢᠩᠭᠠᠳᠬᠠᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠪᠤᠳᠤᠯ ᠢᠶᠠᠷ ᠠᠵᠢᠯ ᠨᠢᠭᠡᠪᠦᠷᠢ ᠶᠢ ᠨᠠᠷᠢᠯᠢᠭ ᠪᠣᠳᠠᠲᠠᠢ ᠬᠢᠵᠦ᠂ ᠪᠡᠯᠡᠳᠬᠡᠯ ᠠᠵᠢᠯ ᠢ ᠥᠴᠦᠬᠡᠨ ᠴᠦ ᠠᠯᠳᠠᠰᠢ ᠭᠠᠷᠭᠠᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠠᠢ᠃      ᠬᠤᠷᠠᠯ ᠤᠨ ᠳᠠᠷᠠᠭ᠎ᠠ᠂ ᠲᠢᠶᠠᠨ ᠶᠦᠩ ᠰᠢᠶᠠᠩ ᠨᠠᠷ ᠪᠠᠰᠠ ᠠᠳᠤᠭᠤᠨ ᠲᠠᠯ᠎ᠠ ᠦᠵᠡᠮᠵᠢ ᠶᠢᠨ ᠣᠷᠣᠨ ᠳᠤ ᠬᠦᠷᠴᠦ ᠠᠷᠪᠠᠨ ᠨᠢᠭᠡᠳᠦᠭᠡᠷ ᠬᠤᠭᠤᠴᠠᠭᠠᠨ ᠤ ᠪᠥᠬᠦ ᠣᠷᠣᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤ ᠪᠠᠭᠠᠷᠢᠨ ᠪᠠᠷᠠᠭᠤᠨ ᠬᠤᠰᠢᠭᠤᠨ ᠤ ᠬᠤᠪᠢᠶᠠᠷᠢ ᠤᠷᠤᠯᠳᠤᠭᠠᠨ ᠤ ᠲᠠᠯᠠᠪᠠᠶ ᠶᠢᠨ ᠪᠡᠯᠡᠳᠬᠡᠯ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠵᠦ ᠬᠢᠨᠠᠨ ᠵᠢᠯᠣᠭᠤᠳᠴᠤ᠂ ᠲᠤᠬᠠᠶ ᠶᠢᠨ ᠲᠠᠯᠠᠪᠤᠷ ᠲᠤ ᠠᠵᠢᠯᠯᠠᠵᠤ ᠠᠵᠢᠯ ᠤᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠪᠡ᠃
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ