| | | 6 ᠰᠠᠷ᠎ᠠ ᠶᠢᠨ 4 ᠤ ᠡᠳᠦᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ 2025 ᠣᠨ ᠤ ᠨᠠᠢᠮᠠᠳᠤᠭᠠᠷ | ᠤᠳᠠᠭᠠᠨ ᠤ ᠨᠠᠮ ᠤᠨ ᠤᠳᠤᠷᠢᠳᠬᠤ ᠳᠤᠭᠤᠶᠢᠯᠠᠩ ᠤᠨ ︵ᠥᠷᠭᠡᠳᠬᠡᠭᠰᠡᠨ︶ ᠬᠤᠷᠠᠯ ᠵᠢᠴᠢ ᠳᠥᠴᠢᠨ ᠨᠠᠢᠮᠠᠳᠤᠭᠠᠷ ᠤᠳᠠᠭᠠᠨ ᠤ ᠡᠷᠬᠢᠯᠡᠭᠴᠢᠳ ᠤᠨ ᠬᠤᠷᠠᠯ | ᠬᠤᠷᠠᠯᠳᠤᠭᠤᠯᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ | ᠱᠦᠵᠢ᠂ ᠡᠷᠬᠢᠯᠡᠭᠴᠢ ᠬᠠᠰᠲᠤᠭᠲᠠᠬᠤ ᠬᠤᠷᠠᠯ ᠢ ᠡᠷᠭᠢᠯᠡᠵᠦ᠂ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠪᠠ᠃ | ᠬᠤᠰᠢᠭᠤᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠶᠢᠨ ᠬᠠᠮᠢᠶ᠎ᠠ | ᠪᠥᠬᠦᠶ ᠬᠠᠷᠢᠭᠤᠴᠠᠯᠭᠠᠲᠠᠨ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠯ᠎ᠡ ᠵᠥᠪᠯᠡᠯ ᠤᠨ ᠠᠯᠪᠠᠨ | ᠬᠡᠷ ᠤᠨ ᠡᠷᠬᠢᠯᠡᠭᠴᠢ᠂ ᠳᠡᠳ᠋ ᠡᠷᠬᠢᠯᠡᠭᠴᠢ ᠵᠢᠴᠢ ᠪᠥᠬᠦ ᠺᠠᠳ᠋ᠷ ᠠᠵᠢᠯᠲᠠᠨ ᠬᠤᠷᠠᠯ ᠳᠤ ᠰᠤᠯᠠ ᠣᠷᠣᠯᠴᠠᠪᠠ᠃ | ᠬᠤᠷᠠᠯ ᠠᠴᠠ ︽ᠦᠨᠡᠨ︾ ᠰᠡᠳᠬᠦᠯ ᠤᠨ ᠨᠡᠶᠢᠳᠡᠯᠡᠭᠰᠡᠨ ᠶᠡᠷᠦᠩᠬᠡᠶ ᠱᠦᠵᠢ ᠰᠢ ᠶᠢᠨ ᠫᠢᠩ ᠤᠨ ︽ᠰᠣᠶᠣᠯ ᠤᠨ ᠬᠦᠴᠦᠷᠬᠡᠭ ᠤᠯᠤᠰ ᠢ ᠲᠦᠷᠭᠡᠳᠬᠡᠨ | ᠪᠥᠲᠥᠭᠡᠨ ᠪᠠᠶᠢᠭᠤᠯᠬᠤ︾ ᠵᠤᠬᠢᠶᠠᠯ ᠢ ᠰᠤᠷᠤᠯᠴᠠᠪᠠ︔ ᠲᠥᠪ ᠤᠨ ᠨᠠᠢᠮᠠᠨ ᠲᠣᠭᠲᠠᠭᠠᠯ ᠤᠨ ᠨᠡᠶᠢᠲᠡᠯᠢᠭ ᠬᠡᠷᠡᠭ ᠤᠨ ᠵᠢᠱᠢᠶ᠎ᠡ ᠶᠢ ᠤᠯᠠᠮᠵᠢᠯᠠᠪᠠ︔ ᠠᠵᠢᠯᠲᠠᠨ ᠤ | ᠶᠠᠪᠤᠳᠠᠯ ᠤᠨ ᠲᠤᠰᠢᠶᠠᠯ ᠳᠤ ᠲᠣᠮᠢᠯᠠᠬᠤ ᠪᠠ ᠲᠤᠰᠢᠶᠠᠯ ᠠᠴᠠ ᠪᠠᠭᠤᠯᠭᠠᠬᠤ ᠤᠴᠢᠷ ᠶᠠᠪᠤᠳᠠᠯ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠪᠠᠶᠢᠴᠠᠭᠠᠨ ᠰᠤᠳᠤᠯᠬᠤ ᠳᠤᠭᠤᠶᠢᠯᠠᠩ ᠤᠨ ︽︿ᠨᠠᠢᠮᠠᠳᠤᠭᠠᠷ ᠲᠠᠪᠤᠨ ᠵᠢᠯ﹀ ᠤᠨ ᠬᠠᠤᠯᠢ ᠲᠦᠭᠡᠮᠡᠯᠵᠢᠭᠦᠯᠬᠦ ᠰᠢᠢᠳᠪᠦᠷᠢ ᠶᠢ | ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ︾ ︽ᠪᠥᠬᠦ ᠬᠤᠰᠢᠭᠤᠨ ᠤ ᠬᠢᠲᠠᠳ ᠮᠣᠩᠭᠤᠯ | ᠡᠮ ᠡᠮᠨᠡᠯᠭᠡ ᠶᠢᠨ ᠬᠦᠷᠢᠶᠡᠨ ᠳᠠᠬᠢ ᠬᠡᠷᠡᠭᠵᠢᠭᠦᠯᠬᠦ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ︾ ︽ᠪᠥᠬᠦ ᠬᠤᠰᠢᠭᠤᠨ ᠤ ᠢᠳᠡᠭᠡᠨ ᠤ | ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ︾ ︽ᠪᠠᠭᠠᠷᠢᠨ ᠪᠠᠷᠠᠭᠤᠨ ᠬᠤᠰᠢᠭᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠠᠯ ᠤᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠲᠤᠬᠠᠶ | ᠠᠷᠭ᠎ᠠ ︵ᠲᠥᠰᠦᠯ︶︾ ︽ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠵᠠᠰᠠᠭ ᠤᠨ | ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢᠨ ᠪᠠᠶᠢᠳᠠᠯ ᠢ ᠮᠡᠳᠡᠭᠦᠯᠬᠦ ᠲᠦᠷᠢᠮ ᠢ ᠪᠠᠶᠢᠭᠤᠯᠤᠨ ᠲᠡᠭᠦᠯᠳᠡᠷᠵᠢᠭᠦᠯᠬᠦ ᠲᠤᠬᠠᠶ ᠬᠡᠷᠡᠭᠵᠢᠭᠦᠯᠬᠦ ᠠᠷᠭ᠎ᠠ ︵ᠨᠣᠤᠷᠠᠭ | ︶︾ ᠶᠢ ᠬᠢᠨᠠᠨ ᠵᠥᠪᠯᠡᠪᠡ᠃ | ᠬᠤᠷᠠᠯ ᠠᠴᠠ ᠪᠠᠰᠠ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠬᠤᠷᠢᠨ ᠳᠣᠯᠣᠳᠤᠭᠠᠷ ᠬᠤᠷᠠᠯ ᠤᠨ ᠬᠠᠮᠢᠶ᠎ᠠ ᠪᠥᠬᠦᠶ ᠵᠦᠢᠯᠡᠰ ᠢ ᠰᠤᠳᠤᠯᠤᠨ ᠪᠠᠲᠤᠯᠠᠪᠠ︔ ᠪᠥᠬᠦ ᠬᠤᠰᠢᠭᠤᠨ ᠤ ᠠᠵᠢᠯ ᠣᠯᠭᠤᠯᠲᠠ᠂ ᠠᠵᠤ ᠠᠬᠤᠶᠢᠯᠠᠯ ᠳᠤ | ᠬᠤᠯᠪᠣᠭᠳᠠᠬᠤ ᠬᠠᠤᠯᠢ ᠬᠡᠷᠡᠭᠵᠢᠭᠦᠯᠬᠦ ᠠᠵᠢᠯ ᠢ ᠵᠢᠷᠤᠮᠵᠢᠭᠤᠯᠤᠭᠰᠠᠨ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠶᠢᠨ ᠲᠥᠰᠦᠯ ᠢ ᠶᠠᠷᠢᠯᠴᠠᠪᠠ᠃ |