ᠴᠠᠭᠠᠨᠠᠭᠠᠤᠷ ᠪᠠᠯᠭᠠᠰᠤᠨ ᠤ ᠡᠷᠳᠡᠨᠢ ᠰᠢᠰᠢ ᠶᠢ ᠨᠢᠭᠲᠠ ᠳᠠᠷᠢᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠡᠯᠪᠡᠭ ᠬᠤᠷᠢᠶᠠᠯᠲᠠ ᠶᠢᠨ ᠠᠶᠠᠰ︾᠎ ᠢ ᠬᠦᠭᠵᠢᠮᠳᠡᠪᠡ
ᠨᠡᠶᠢᠲᠡᠯᠡᠭᠰᠡᠨ ᠴᠠᠭ᠄
2025/6/5
      ᠡᠨᠡ ᠵᠢᠯ᠂ ᠴᠠᠭᠠᠨᠨᠠᠭᠤᠷ ᠪᠠᠯᠭᠠᠰᠤᠨ ᠤ ᠡᠷᠳᠡᠨᠢ ᠰᠢᠰᠢ ᠶᠢ ᠨᠢᠭᠲᠠ ᠳᠠᠷᠢᠵᠤ ᠤᠷᠭᠤᠭᠤᠯᠬᠤ ᠮᠡᠷᠭᠡᠵᠢᠯ ᠢ ᠳᠡᠯᠭᠡᠷᠡᠭᠦᠯᠬᠦ ᠲᠠᠯᠠᠪᠠᠶ 22370 ᠮᠥ ᠳᠤ ᠬᠦᠷᠴᠦ᠂ ᠨᠢᠳᠤᠨᠤᠨ ᠤ ᠬᠢ ᠠᠴᠠ 340%᠎ ᠪᠠᠷ ᠨᠡᠮᠡᠭᠳᠡᠪᠡ᠃ ᠡᠨᠡ ᠤᠳᠠᠭᠠᠨ ᠤ ᠲᠠᠷᠢᠶᠠᠯᠠᠩ ᠤᠨ ᠦᠢᠯᠡᠳᠪᠦᠷᠢᠯᠡᠯ ᠤᠨ ︽ᠪᠣᠬᠢᠷᠲᠤᠯ ᠦᠭᠡᠢ ᠬᠤᠪᠢᠰᠬᠠᠯ︾᠎ ᠨᠢ ᠶᠠᠭ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠨᠠᠷᠢᠯᠢᠭ ᠬᠠᠮᠢᠶᠠᠷᠤᠯᠲᠠ ᠪᠠᠷ ᠳᠠᠮᠵᠢᠨ᠂ ᠣᠳᠣ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠵᠦ ᠪᠠᠶᠢᠨ᠎ᠠ᠃      ᠡᠷᠳᠡᠨᠢ ᠰᠢᠰᠢ ᠶᠢ ᠨᠢᠭᠲᠠ ᠳᠠᠷᠢᠵᠤ ᠨᠠᠷᠢᠯᠢᠭ ᠣᠨᠣᠴᠠᠲᠠᠢ ᠪᠠᠷ ᠲᠣᠬᠢᠷᠠᠭᠤᠯᠤᠨ ᠡᠵᠡᠮᠳᠡᠬᠦ ᠮᠡᠷᠭᠡᠵᠢᠯ ᠤᠨ ᠪᠤᠯᠪᠠᠰᠤᠷᠠᠭᠤᠯᠤᠯ ᠤᠨ ᠠᠩᠭᠢ ᠡᠷᠭᠢᠯᠡᠵᠦ᠂ ᠲᠤᠰᠬᠠᠶ ᠮᠡᠷᠭᠡᠵᠢᠯᠲᠡᠨ ᠤ ᠪᠦᠯᠬᠦᠮ ᠢ ᠤᠷᠢᠵᠤ ᠬᠢᠴᠢᠶᠡᠯ ᠤᠷᠤᠭᠤᠯᠤᠨ᠂ ᠥᠨᠳᠥᠷ ᠬᠡᠪ ᠴᠢᠨᠠᠷ ᠲᠠᠢ ᠲᠠᠷᠢᠶᠠᠴᠢᠳ ᠢ ᠬᠦᠮᠦᠵᠢᠬᠦᠯᠪᠡ︔ ᠡᠷᠳᠡᠨᠢ ᠰᠢᠰᠢ ᠶᠢ ᠨᠢᠭᠲᠠ ᠳᠠᠷᠢᠬᠤ ᠮᠡᠷᠭᠡᠵᠢᠯ ᠢ ᠲᠤᠷᠰᠢᠯᠲᠠ ᠬᠢᠵᠦ ᠳᠡᠯᠭᠡᠷᠡᠭᠦᠯᠦᠨ᠂ ︽ᠲᠥᠷᠥᠯ  ᠵᠦᠢᠯ+ ᠨᠢᠭᠲᠠᠴᠠ+ ᠮᠠᠰᠢᠨ︾᠎ ᠤ ᠨᠡᠶᠢᠯᠡᠮᠡᠯ ᠰᠢᠨ᠎ᠡ ᠡᠭᠦᠳᠦᠯᠲᠡ ᠪᠠᠷ ᠳᠠᠮᠵᠢᠭᠤᠯᠤᠨ᠂ ᠲᠠᠷᠢᠮᠠᠯ ᠤᠨ ᠨᠢᠭᠲᠠᠴᠠ ᠶᠢᠨ ᠮᠥ ᠪᠦᠷᠢ ᠶᠢ 6000 ᠰᠠᠭᠤᠷᠢ ᠠᠴᠠ ᠳᠡᠭᠡᠭᠰᠢ ᠪᠣᠯᠲᠠᠯ᠎ᠠ ᠳᠡᠭᠡᠭᠰᠢᠯᠡᠭᠦᠯᠵᠦ᠂ ᠲᠠᠷᠢᠶᠠᠯᠠᠩ ᠤᠨ ᠠᠵᠤ ᠦᠶ᠋ᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠬᠢᠨᠠᠨ ᠬᠡᠮᠵᠢᠭᠰᠡᠨ ᠲᠤᠭ᠎ᠠ ᠪᠠᠷᠢᠮᠲᠠ ᠠᠴᠠ ᠦᠵᠡᠪᠡᠯ᠂ ᠶᠠᠩᠴᠠᠩ ᠲᠣᠰᠬᠤᠨ ᠤ ᠮᠢᠩᠭᠠᠨ ᠮᠥ ᠵᠢᠱᠢᠶ᠎ᠡ ᠦᠵᠡᠭᠦᠯᠬᠦ ᠲᠠᠷᠢᠶᠠᠨ ᠭᠠᠵᠠᠷ ᠤᠨ ᠴᠢᠬᠢᠯᠡᠬᠦ ᠨᠣᠷᠮ᠎ᠠ 97%᠎ ᠳᠤ ᠬᠦᠷᠴᠦ᠂ ᠡᠩ ᠤᠨ ᠲᠠᠷᠢᠮᠠᠯ ᠠᠴᠠ 4 ᠵᠠᠭᠤᠨ ᠤ ᠴᠡᠭ ᠳᠡᠭᠡᠭᠰᠢᠯᠡᠵᠡᠶ᠃      ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠦᠷᠭᠦᠯᠵᠢᠯᠡᠬᠦ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠬᠥᠳᠡᠭᠡ ᠠᠵᠤ ᠠᠬᠤᠢ ᠶᠢᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠪᠠ᠃ 2025 ᠣᠨ ᠳᠤ᠂ ᠪᠥᠬᠦ ᠪᠠᠯᠭᠠᠰᠤᠨ ᠤ ᠦᠯᠡᠳᠡᠭᠳᠡᠯ ᠪᠦᠷᠬᠦᠪᠴᠢ ᠶᠢ ᠬᠤᠷᠢᠶᠠᠨ ᠠᠪᠤᠭᠰᠠᠨ ᠲᠠᠯᠠᠪᠠᠶ 8.21 ᠲᠦᠮᠡᠨ ᠮᠥ ᠪᠠᠶᠢᠵᠤ᠂ ᠴᠠᠭᠠᠨ ᠦᠩᠬᠡᠳᠦ ᠪᠣᠬᠢᠷᠲᠤᠯ ᠢ ᠪᠠᠭᠠᠰᠬᠠᠪᠠ︔ ᠡᠷᠳᠡᠨᠢ ᠰᠢᠰᠢ ᠶᠢᠨ ᠪᠦᠷᠬᠦᠭᠦᠯ ᠥᠬᠡᠶ ᠪᠠᠷ ᠭᠦᠶᠦᠭᠡᠨ ᠪᠤᠯᠠᠵᠤ ᠳᠤᠰᠤᠯᠭᠠᠨ ᠤᠰᠤᠯᠠᠬᠤ ᠮᠡᠷᠭᠡᠵᠢᠯ ᠢ 6500 ᠮᠥ ᠳᠡᠯᠭᠡᠷᠡᠭᠦᠯᠵᠦ᠂ 6000 ᠮᠥ ᠭᠠᠵᠠᠷ ᠢ ᠭᠦᠨ ᠰᠤᠯᠠᠷᠠᠭᠤᠯᠵᠤ ᠲᠡᠭᠰᠢᠯᠡᠬᠦ ᠶᠢ ᠬᠡᠷᠡᠭᠵᠢᠭᠦᠯᠵᠦ᠂ ᠤᠰᠤ ᠠᠷᠪᠢᠯᠠᠬᠤ ᠨᠣᠷᠮ᠎ᠠ ᠶᠢ 7%᠎ ᠳᠤ ᠬᠦᠷᠦᠭᠦᠯᠵᠦ᠂ 9. 1 ᠲᠦᠮᠡᠨ ᠲᠣᠨ ᠣᠷᠭᠠᠨᠢᠭ ᠪᠣᠷᠲᠣᠭᠤᠷ ᠨᠡᠮᠡᠵᠦ ᠣᠷᠣᠭᠤᠯᠵᠤ᠂ ᠪᠣᠷᠲᠣᠭᠤᠷ ᠤᠨ ᠠᠰᠢᠭᠯᠠᠯᠲᠠ ᠶᠢᠨ ᠨᠣᠷᠮ᠎ᠠ ᠪᠠ ᠣᠷᠭᠠᠨᠢᠭ ᠪᠣᠳᠠᠰ ᠤᠨ ᠠᠭᠤᠯᠤᠭᠳᠠᠴᠠ ᠶᠢ ᠳᠡᠭᠡᠭᠰᠢᠯᠡᠭᠦᠯᠪᠡ᠃ ᠡᠭᠦᠨ ᠤ ᠬᠠᠮᠲᠤ ᠪᠠᠰᠠ ︽ᠨᠢᠭᠡᠳᠦᠯᠲᠡᠢ ᠳᠠᠷᠢᠵᠤ ᠬᠠᠮᠲᠤ ᠪᠠᠷ ᠪᠠᠶᠠᠵᠢᠬᠤ︾ ᠵᠠᠭᠪᠤᠷ ᠢᠶᠠᠷ ᠭᠠᠵᠠᠷ ᠰᠢᠷᠣᠢ ᠶᠢ ᠡᠷᠴᠢᠮᠵᠢᠭᠦᠯᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ᠂ ᠲᠠᠷᠢᠶᠠᠯᠠᠩ ᠤᠨ ᠮᠠᠰᠢᠨ ᠬᠡᠷᠡᠭᠰᠡᠯ ᠤᠨ ᠰᠦᠢᠳᠬᠡᠯ ᠢ ᠠᠷᠪᠢᠯᠠᠵᠤ᠂ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠶᠢ ᠪᠡᠶᠡᠯᠡᠭᠦᠯᠵᠦ᠂ ᠭᠠᠵᠠᠷ ᠰᠢᠷᠣᠢ ᠶᠢ ᠡᠷᠭᠢᠯᠳᠦᠭᠦᠯᠦᠨ ᠠᠰᠢᠭᠯᠠᠬᠤ ᠶᠢ ᠲᠡᠭᠡᠭᠰᠢᠯᠡᠬᠦᠯᠦᠨ᠎ᠡ᠃      ᠳᠠᠷᠠᠭᠠᠴᠢ ᠶᠢᠨ ᠠᠯᠬᠤᠮ ᠳᠤ᠂ ᠴᠠᠭᠠᠨᠨᠠᠭᠤᠷ ᠪᠠᠯᠭᠠᠰᠤ ᠦᠷᠭᠦᠯᠵᠢᠯᠡᠨ ᠮᠡᠷᠭᠡᠵᠢᠯ ᠤᠨ  ᠰᠠᠶᠢᠵᠢᠷᠠᠬᠤ᠂ ᠲᠤᠨᠤᠭ ᠲᠥᠬᠦᠭᠡᠷᠦᠮᠵᠢ ᠶᠢ ᠢᠵᠢ ᠪᠦᠷᠢᠳᠦᠭᠦᠯᠬᠦ᠂ ᠲᠦᠷᠦᠯ ᠲᠡᠮᠳᠡᠭ ᠢ ᠪᠤᠢ ᠪᠤᠯᠭᠠᠬᠤ᠂ ᠬᠥᠳᠡᠭᠡ ᠠᠵᠤ ᠠᠬᠤᠢ ᠲᠠᠢ ᠬᠤᠯᠪᠣᠭᠠᠯᠠᠵᠤ ᠬᠥᠳᠡᠭᠡ ᠠᠵᠤ ᠠᠬᠤᠢ ᠶᠢ ᠬᠥᠭᠵᠢᠭᠦᠯᠬᠦ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠤᠳᠤ ᠦᠶ᠎ᠡ ᠶᠢᠨ ᠬᠥᠳᠡᠭᠡ ᠠᠵᠤ ᠠᠬᠤᠢ ᠶᠢᠨ ᠰᠢᠨ᠎ᠡ ᠵᠢᠷᠤᠭ ᠲᠥᠯᠥᠪᠯᠡᠭᠡ ᠶᠢ ᠵᠢᠷᠤᠭᠯᠠᠨ᠎ᠠ᠃       
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ