| | ᠰᠠᠶᠢᠬᠠᠨ ᠬᠠᠨ ᠠᠭᠤᠯᠠ ᠶᠢᠨ ᠣᠪᠤᠭᠠᠨ ᠰᠤᠶᠤᠯ ᠤᠨ ᠠᠵᠢᠯᠯᠠᠭᠠᠨ ᠤ ᠵᠠᠮ ᠬᠠᠷᠢᠯᠴᠠᠭᠠᠨ ᠤ ᠬᠠᠮᠢᠶᠠᠷᠤᠯᠳᠠ | 2025 ᠣᠨ ᠤ 6 ᠰᠠᠷ᠎ᠠ ᠶᠢᠨ 7 ᠤ ᠡᠳᠦᠷ ᠠᠴᠠ 6 ᠰᠠᠷ᠎ᠠ ᠶᠢᠨ 8 ᠤ ᠡᠳᠦᠷ ︵ᠪᠢᠯᠢᠭ ᠤᠨ ᠤᠯᠠᠷᠢᠯ ᠤᠨ ᠲᠠᠪᠤᠨ ᠰᠠᠷ᠎ᠠ ᠶᠢᠨ ᠠᠷᠪᠠᠨ ᠬᠤᠶᠠᠷ ᠠᠴᠠ | ᠪᠢᠯᠢᠭ ᠤᠨ ᠤᠯᠠᠷᠢᠯ ᠤᠨ ᠲᠠᠪᠤᠨ ᠰᠠᠷ᠎ᠠ ᠶᠢᠨ ᠠᠷᠪᠠᠨ ᠭᠤᠷᠪᠠᠨ︶ ᠪᠣᠯᠲᠠᠯ᠎ᠠ ᠪᠠᠭᠠᠷᠢᠨ ᠪᠠᠷᠠᠭᠤᠨ ᠬᠤᠰᠢᠭᠤᠨ ᠤ ᠵᠢᠷᠭᠠᠯ ᠤᠨ ᠵᠠᠮ ᠰᠤᠮᠤ ᠠᠴᠠ ᠰᠠᠶᠢᠬᠠᠨ ᠬᠠᠨ | ᠠᠭᠤᠯᠠ ᠶᠢᠨ ᠣᠪᠣᠭᠠᠨ ᠰᠣᠶᠣᠯ ᠵᠢᠴᠢ ᠨᠠᠭᠠᠳᠤᠮ ᠤᠨ ᠠᠵᠢᠯᠯᠠᠭ᠎ᠠ ᠦᠷᠨᠢᠬᠦᠯᠬᠦ ᠪᠠᠷ ᠪᠠᠶᠢᠨ᠎ᠠ᠃ ᠰᠠᠶᠢᠬᠠᠨ ᠬᠠᠨ ᠠᠭᠤᠯᠠ ᠳᠤ ᠭᠠᠷᠬᠤ ᠵᠠᠮ ᠤᠨ ᠪᠠᠶᠢᠳᠠᠯ ᠮᠠᠭᠤ᠂ | ᠵᠠᠮ ᠢᠪᠴᠤᠤ᠂ ᠡᠭᠴᠡ ᠬᠥᠲᠥᠯ ᠠᠷᠪᠢᠨ᠂ ᠬᠥᠮᠥᠨ ᠪᠠ ᠲᠡᠷᠭᠡ ᠵᠡᠷᠭᠡᠪᠡᠷ ᠶᠠᠪᠤᠬᠤ ᠪᠤᠯᠬᠤᠷ ᠨᠡᠯᠢᠶᠡᠳ ᠶᠡᠭᠡ ᠠᠮᠤᠷ ᠲᠦᠪᠰᠢᠨ ᠤ ᠳᠠᠯᠳᠠ ᠭᠡᠮ ᠣᠷᠣᠰᠢᠵᠤ | ᠪᠠᠶᠢᠨ᠎ᠠ᠃ ᠠᠶᠤᠯ ᠠᠳᠡᠯ ᠭᠠᠷᠬᠤ ᠶᠢ ᠪᠦᠲᠦᠮᠵᠢᠲᠡᠶ ᠪᠠᠭᠠᠰᠬᠠᠵᠤ᠂ ᠲᠡᠷᠭᠡ ᠬᠥᠰᠬᠡ ᠶᠢᠨ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠶᠢᠨ ᠲᠥᠯᠥᠭᠡ᠂ ᠪᠠᠭᠠᠷᠢᠨ | ᠪᠠᠷᠠᠭᠤᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠰᠠᠶᠢᠬᠠᠨ ᠬᠠᠨ ᠠᠭᠤᠯᠠ ᠶᠢᠨ | ᠰᠣᠶᠣᠯ ᠤᠨ ᠠᠵᠢᠯᠯᠠᠭ᠎ᠠ ᠶᠢᠨ ᠡᠷᠬᠢᠨ ᠲᠣᠭᠤᠷᠢᠨ ᠤ ᠵᠠᠮ ᠳᠤ ᠲᠦᠷ ᠴᠠᠭ ᠤᠨ ᠵᠠᠮ ᠬᠠᠷᠢᠯᠴᠠᠭᠠᠨ ᠤ ᠬᠠᠮᠢᠶᠠᠷᠤᠯᠲᠠ ᠬᠢᠬᠦ ᠪᠠᠷ ᠪᠠᠶᠢᠨ᠎ᠠ᠃ | ᠨᠢᠭᠡ᠂ ᠲᠡᠷᠭᠡ ᠬᠥᠰᠬᠡ ᠶᠢ ᠵᠠᠬᠢᠷᠤᠨ ᠬᠠᠮᠢᠶᠠᠷᠬᠤ | ᠲᠡᠷᠭᠡ ᠶᠢᠨ ᠪᠠᠶᠢᠳᠠᠯ ᠢᠶᠠᠷ ᠰᠠᠶᠢᠨ ᠲᠦᠷᠪᠡᠨ ᠬᠦᠳᠡᠯᠭᠡᠬᠦᠷᠳᠦ SUV( ᠶᠤᠸᠠᠢ ᠶᠧ ᠲᠡᠷᠭᠡ )᠂ ᠫᠢᠺᠺᠠ ᠲᠡᠷᠭᠡ ᠠᠴᠠ ᠪᠤᠰᠤᠳ ᠪᠤᠶ ᠪᠦᠬᠦᠢ ᠲᠡᠷᠭᠡ ᠶᠢ | ᠴᠥᠮ ᠠᠭᠤᠯᠠᠨ ᠳᠤ ᠭᠠᠷᠭᠠᠬᠤ ᠦᠭᠡᠶ᠂ ᠲᠡᠷᠭᠡ ᠬᠥᠰᠬᠡ ᠶᠢ ᠳᠠᠩ ᠴᠢᠭᠯᠡᠯ ᠢᠶᠠᠷ ᠶᠠᠪᠤᠭᠤᠯᠤᠨ᠎ᠠ᠃ | ᠬᠤᠶᠠᠷ᠂ ᠬᠠᠮᠢᠶᠠᠷᠤᠨ ᠡᠵᠡᠮᠳᠡᠬᠦ ᠴᠠᠭ ᠬᠤᠭᠤᠴᠠᠭ᠎ᠠ | 6 ᠰᠠᠷ᠎ᠠ ᠶᠢᠨ 7 ᠤ ᠡᠳᠦᠷ ᠤᠨ 20 ᠴᠠᠭ—6 ᠰᠠᠷ᠎ᠠ ᠶᠢᠨ 8 ᠤ ᠡᠳᠦᠷ ᠤᠨ ᠥᠷᠯᠦᠬᠡ ᠶᠢᠨ 1 ᠴᠠᠭ ᠪᠤᠯᠳᠡᠯ᠎ᠠ ᠨᠦᠬᠦᠴᠡᠯ ᠳᠤ ᠨᠡᠶᠢᠴᠡᠭᠰᠡᠨ ᠮᠠᠰᠢᠨ | ᠲᠡᠷᠭᠡ ᠪᠠᠷ ᠠᠭᠤᠯᠠᠨ ᠳᠤ ᠭᠠᠷᠬᠤ ᠶᠢ ᠵᠥᠪᠰᠢᠶᠡᠷᠡᠨ᠎ᠡ᠃ | 6 ᠰᠠᠷ᠎ᠠ ᠶᠢᠨ 8 ᠤ ᠡᠳᠦᠷ ᠤᠨ ᠦᠷᠯᠦᠬᠡ ᠶᠢᠨ 4 ᠴᠠᠭ ᠲᠤ ᠠᠵᠢᠯᠯᠠᠭ᠎ᠠ ᠳᠠᠭᠤᠰᠤᠭᠰᠠᠨ ᠤ ᠳᠠᠷᠠᠭ᠎ᠠ ᠠᠭᠤᠯᠠᠨ ᠣᠷᠣᠶ ᠶᠢᠨ ᠮᠠᠰᠢᠨ ᠲᠡᠷᠭᠡ ᠴᠦᠮ | ᠨᠢᠭᠡᠳᠦᠯᠲᠡᠶ ᠪᠠᠷ ᠠᠭᠤᠯᠠᠨ ᠠᠴᠠ ᠪᠠᠭᠤᠨ᠎ᠠ᠃ | ᠨᠠᠭᠠᠳᠤᠮ ᠤᠨ ᠬᠤᠷᠠᠯ ᠤᠨ ᠲᠠᠯᠠᠪᠠᠢ ᠶᠢᠨ ᠵᠠᠮ ᠬᠠᠷᠢᠯᠴᠠᠭᠠᠨ ᠤ ᠬᠠᠮᠢᠶᠠᠷᠤᠯᠳᠠ | ᠨᠢᠭᠡ᠂ ᠵᠠᠬᠢᠷᠤᠨ ᠬᠠᠮᠢᠶᠠᠷᠬᠤ ᠴᠠᠭ | 6 ᠤ ᠡᠳᠦᠷ ᠤᠨ ᠦᠷᠯᠦᠬᠡ ᠶᠢᠨ 7 ᠴᠠᠭ - ᠦᠳᠠ ᠶᠢᠨ 12 ᠴᠠᠭ | ᠬᠤᠶᠠᠷ᠂ ᠵᠠᠬᠢᠷᠤᠨ ᠬᠠᠮᠢᠶᠠᠷᠬᠤ ᠱᠤᠭᠤᠮ | ᠨᠠᠭᠠᠳᠤᠮ ᠤᠨ ᠬᠤᠷᠠᠯ ᠤᠨ ᠲᠠᠯᠠᠪᠠᠢ ᠳᠤ ᠤᠷᠤᠬᠤ→→ᠨᠠᠭᠠᠳᠤᠮ ᠤᠨ ᠬᠤᠷᠠᠯ ᠤᠨ ᠲᠠᠯᠠᠪᠠᠢ ᠶᠢᠨ ᠡᠮᠦᠨ᠎ᠡ ᠲᠠᠯ᠎ᠠ ᠠᠴᠠ ᠤᠷᠤᠬᠤ᠃ | ᠨᠠᠭᠠᠳᠤᠮ ᠤᠨ ᠬᠤᠷᠠᠯ ᠤᠨ ᠲᠠᠯᠠᠪᠠᠢ ᠠᠴᠠ ᠭᠠᠷᠬᠤ→→ ᠳ᠋ᠠᠪᠠᠨ᠂ ᠵᠢᠷᠭᠠᠯ ᠤᠨ ᠵᠠᠮ ᠤᠷᠤᠭᠤ ᠶᠠᠪᠤᠬᠤ ᠮᠠᠰᠢᠨ ᠲᠡᠷᠭᠡ ᠨᠠᠭᠠᠳᠤᠮ ᠤᠨ ᠬᠤᠷᠠᠯ ᠤᠨ | ᠲᠠᠯᠠᠪᠠᠢ ᠠᠴᠠ ᠬᠤᠶᠢᠰᠢ ᠰᠣᠪᠣᠷᠭ᠎ᠠ ᠤᠷᠤᠭᠤ ᠶᠠᠪᠤᠬᠤ ᠴᠢᠭᠯᠡᠯ ᠢᠶᠠᠷ ᠲᠣᠭᠤᠷᠢᠨ ᠶᠠᠪᠤᠨ᠎ᠠ᠃ | ᠭᠤᠷᠪᠠ᠂ ᠪᠢᠲᠡᠭᠦᠮᠵᠢᠯᠡᠨ ᠡᠵᠡᠮᠳᠡᠬᠦ ᠴᠡᠭ | 1. ᠰᠠᠶᠢᠬᠠᠨ ᠬᠠᠨ ᠠᠭᠤᠯᠠ ᠶᠢᠨ ᠣᠷᠣᠬᠤ ᠡᠬᠦᠳᠠ | 2. ᠮᠣᠷᠢᠨ ᠤᠷᠤᠯᠳᠤᠭᠠᠨ ᠤ ᠲᠠᠯᠠᠪᠠᠢ ᠶᠢᠨ ᠡᠮᠦᠨ᠎ᠡ ᠲᠠᠯ᠎ᠠ | ᠤᠯᠠᠨ ᠤ ᠶᠠᠪᠤᠵᠤ ᠰᠠᠭᠤᠬᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠥᠷᠭᠡᠨ ᠤᠯᠠᠨ ᠲᠦᠮᠡᠨ ᠳᠣᠲᠣᠭᠠᠳᠤ ᠶᠢ ᠬᠠᠮᠠᠭᠠᠯᠠᠬᠤ ᠠᠷᠠᠳ ᠤᠨ | ᠲᠤᠰᠠᠯᠠᠬᠤ ᠴᠠᠭᠳᠠᠭ᠎ᠠ ᠶᠢᠨ ᠬᠠᠤᠯᠢ ᠬᠡᠷᠡᠭᠵᠢᠭᠦᠯᠬᠦ᠂ ᠡᠭᠦᠷᠭᠡ ᠭᠦᠢᠴᠡᠳᠬᠡᠬᠦ ᠠᠵᠢᠯ ᠢ ᠣᠶᠢᠯᠠᠭᠠᠵᠤ᠂ ᠳᠡᠮᠵᠢᠵᠦ᠂ ᠬᠠᠮᠵᠢᠯᠴᠠᠵᠤ᠂ ᠠᠷᠠᠳ ᠤᠨ ᠴᠠᠭᠳᠠᠭ᠎ᠠ ᠶᠢᠨ | ᠵᠢᠯᠤᠭᠤᠳᠤᠯᠭ᠎ᠠ ᠶᠢ ᠳᠠᠭᠠᠵᠤ᠂ ᠠᠷᠠᠳ ᠤᠨ ᠴᠠᠭᠳᠠᠭ᠎ᠠ ᠶᠢᠨ ᠬᠠᠮᠢᠶᠠᠷᠤᠯᠲᠠ ᠶᠢ ᠳᠠᠭᠠᠬᠤ ᠬᠡᠷᠡᠭᠲᠡᠢ᠃ | ᠬᠠᠯᠠᠭᠤᠨ ᠳᠣᠲᠣᠨᠣ ᠰᠠᠨᠠᠭᠤᠯᠤᠮᠵᠢ | 1. ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠪᠠᠷᠢᠮᠵᠢᠶ᠎ᠠ ᠳᠤ ᠨᠡᠶᠢᠴᠡᠭᠰᠡᠨ ᠲᠡᠷᠭᠡ ᠬᠥᠰᠬᠡ ᠥᠷᠯᠥᠭᠡ ᠶᠢᠨ 1 ᠴᠠᠭ ᠠᠴᠠ ᠡᠮᠦᠨ᠎ᠡ ᠠᠭᠤᠯᠠᠨ ᠳᠤ | ᠭᠠᠷᠤᠭᠠᠷᠠᠢ᠃ | 2. ᠠᠭᠤᠯᠠᠨ ᠠᠴᠠ ᠪᠠᠭᠤᠬᠤ ᠴᠠᠭ ᠢ ᠨᠢᠭᠡᠳᠦᠯᠲᠡᠶ ᠲᠣᠬᠢᠷᠠᠭᠤᠯᠤᠭᠰᠠᠨ ᠠᠴᠠ ᠠᠭᠤᠯᠠᠨ ᠣᠷᠣᠢ ᠳᠤ ᠵᠤᠭᠰᠤᠬᠤ ᠴᠠᠭ ᠨᠡᠯᠢᠶᠡᠳ ᠤᠷᠲᠤ᠂ ᠡᠯ᠎ᠡ | ᠲᠥᠷᠥᠯ ᠤᠨ ᠡᠳ᠋ ᠪᠣᠳᠠᠰ ᠢ ᠤᠷᠢᠳᠴᠢᠯᠠᠨ ᠪᠡᠯᠡᠳᠬᠡᠵᠦ᠂ ᠥᠪᠡᠷ ᠤᠨ ᠠᠮᠤᠷ ᠲᠦᠪᠰᠢᠨ ᠢᠶᠠᠨ ᠴᠠᠭ ᠢᠮᠠᠭᠲᠠ ᠠᠩᠬᠠᠷᠤᠭᠠᠷᠠᠢ᠃ | |