ᠪᠥᠬᠦ ᠬᠤᠰᠢᠭᠤᠨ ᠤ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ  ᠬᠠᠯᠠᠮᠰᠢᠯ ᠤᠲᠠᠰᠤᠨ ᠳᠤ  ᠲᠣᠰᠬᠠᠭᠰᠠᠨ ᠶᠠᠪᠣᠳᠠᠯ ᠢ ᠰᠢᠢᠳᠪᠦᠷᠢᠯᠡᠬᠦ ᠶᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/6/9
        6 ᠰᠠᠷ᠎ᠠ ᠶᠢᠨ 6᠎ ᠤ ᠡᠳᠦᠷ᠂ ᠪᠥᠬᠦ ᠬᠤᠰᠢᠭᠤᠨ ᠤ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠳᠤ ᠲᠣᠰᠬᠠᠭᠰᠠᠨ ᠶᠠᠪᠣᠳᠠᠯ ᠤᠴᠢᠷ ᠢ ᠰᠢᠢᠳᠪᠦᠷᠢᠯᠡᠬᠦ ᠶᠢ ᠠᠬᠢᠭᠤᠯᠬᠤ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂  ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠯᠸᠢ ᠬᠤᠷᠠᠯ ᠳᠤ ᠰᠠᠭᠠᠲᠠᠵᠠᠢ᠃ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠳᠤ ᠲᠤᠰᠬᠠᠭᠰᠠᠨ ᠠᠰᠠᠭᠤᠳᠠᠯ ᠢ ᠳᠠᠭᠠᠭᠠᠨ ᠠᠪᠴᠤ ᠰᠢᠢᠳᠪᠦᠷᠢᠯᠡᠬᠦ ᠨᠢᠭᠡᠴᠡ᠂ ᠡᠯ᠎ᠡ ᠰᠤᠮᠤ ᠪᠠᠯᠭᠠᠰᠤ ᠵᠡᠭᠡᠯᠢ ᠭᠤᠳᠤᠮᠵᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃       ᠬᠤᠷᠠᠯ ᠳᠡᠭᠡᠷ᠎ᠡ᠂ 2025 ᠣᠨ ᠤ 3 — 4 ᠰᠠᠷ᠎ᠠ ᠶᠢᠨ ᠬᠠᠯᠠᠮᠰᠢᠯ ᠤᠲᠠᠰᠤ ᠶᠢᠨ ᠶᠠᠪᠤᠳᠠᠯ ᠤᠴᠢᠷ ᠢ ᠭᠦᠢᠴᠡᠳᠭᠡᠭᠰᠡᠨ ᠪᠠᠶᠢᠳᠠᠯ ᠢ ᠵᠠᠷᠯᠠᠨ ᠮᠡᠳᠡᠭᠳᠡᠵᠦ ᠂ ᠲᠠᠷᠠᠭᠠᠴᠢ ᠶᠢᠨ ᠠᠯᠬᠤᠮ ᠤᠨ ᠠᠵᠢᠯ ᠳᠤ ᠪᠠᠶᠢᠷᠢᠯᠠᠭᠤᠯᠤᠯᠲᠠ ᠬᠢᠪᠠ᠃       ᠬᠤᠷᠠᠯ ᠠᠴᠠ ᠴᠢᠬᠤᠯᠠᠴᠢᠯᠠᠭᠰᠠᠨ ᠨᠢ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠪᠣᠯ ᠣᠯᠠᠨ ᠲᠦᠮᠡᠨ ᠲᠠᠢ ᠬᠠᠷᠢᠯᠴᠠᠬᠤ ︽ᠰᠡᠳᠬᠢᠯ ᠤᠨ ᠬᠥᠭᠦᠷᠭᠡ︾ ᠮᠥᠨ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭᠠᠨ ᠤ ︽ᠰᠢᠯᠭᠠᠭᠤᠷ︾ ᠮᠥᠨ᠂ ᠵᠠᠰᠠᠭ ᠤᠨ ᠣᠷᠳᠣᠨ ᠤ ᠳᠦᠷᠢ ᠲᠥᠷᠬᠦ ᠶᠢᠨ ︽ᠳᠡᠯᠭᠡᠨ ᠦᠵᠡᠭᠦᠯᠬᠦ ᠴᠣᠩᠬᠤ︾ ᠮᠥᠨ᠃ ᠲᠤᠰᠬᠠᠭᠰᠠᠨ ᠠᠰᠠᠭᠤᠳᠠᠯ ᠢ ᠭᠦᠢᠴᠡᠳᠬᠡᠭᠰᠡᠨ ᠦᠷ᠎ᠡ ᠪᠦᠲᠦᠮᠵᠢ ᠨᠢ ᠨᠠᠮ ᠤᠨ ᠭᠡᠰᠢᠭᠦᠨ ᠺᠠᠳ᠋ᠷᠴᠤᠳ ᠤᠨ ᠠᠷᠠᠳ ᠤᠨ ᠲᠥᠯᠥᠭᠡ ᠵᠢᠳᠬᠦᠬᠦ ᠬᠠᠶᠢᠷ᠎ᠠ ᠰᠡᠳᠬᠢᠯᠭᠡ᠂ ᠤᠯᠠᠨ ᠲᠦᠮᠡᠨ ᠳᠤ ᠦᠢᠯᠡᠴᠢᠯᠡᠬᠦ ᠪᠣᠳᠠᠲᠤ ᠦᠷ᠎ᠡ ᠪᠦᠲᠦᠮᠵᠢ ᠪᠠ ᠵᠠᠰᠠᠬᠤ ᠴᠢᠳᠠᠪᠤᠷᠢ ᠶᠢᠨ ᠬᠢᠷᠢ ᠲᠦᠪᠰᠢᠨ ᠢ ᠢᠯᠡᠷᠡᠭᠦᠯᠦᠭᠰᠡᠨ ᠶᠠᠪᠤᠳᠠᠯ ᠪᠣᠯᠤᠨ᠎ᠠ᠃ ᠡᠯ᠎ᠡ ᠳᠠᠭᠠᠭᠠᠨ ᠠᠪᠴᠤ ᠰᠢᠢᠳᠪᠦᠷᠢᠯᠡᠬᠦ ᠨᠢᠭᠡᠴᠡ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠢᠯ ᠤᠨ ᠣᠷᠣᠰᠢᠵᠤ ᠪᠠᠶᠢᠭ᠎ᠠ ᠠᠰᠠᠭᠤᠳᠠᠯ ᠪᠠ ᠵᠥᠷᠢᠶ᠎ᠡ ᠶᠢ ᠰᠠᠨᠠᠭᠠᠴᠢᠯᠠᠭ᠎ᠠ ᠠᠴᠠ ᠪᠠᠨ ᠡᠷᠢᠵᠦ᠂ ᠬᠠᠷᠢᠭᠤᠴᠠᠯᠭ᠎ᠠ ᠶᠢ ᠬᠥᠮᠦᠨ ᠳᠤ ᠬᠦᠷᠲᠡᠯ᠎ᠡ ᠨᠠᠶᠢᠳᠠᠪᠤᠷᠢᠵᠢᠭᠤᠯᠵᠤ᠂ ᠲᠠᠩᠰᠠ ᠳᠤ ᠤᠷᠤᠭᠤᠯᠵᠤ ᠨᠢᠭᠡᠳ ᠨᠢᠭᠡ ᠪᠠᠷ ᠰᠢᠢᠳᠪᠦᠷᠢᠯᠡᠵᠦ᠂ ᠤᠷᠳᠤ ᠬᠤᠭᠤᠴᠠᠭᠠᠨ ᠤ ᠪᠦᠲᠦᠮᠵᠢᠲᠡᠢ ᠰᠢᠢᠳᠪᠦᠷᠢᠯᠡᠬᠦ ᠲᠣᠭᠲᠠᠴᠠ ᠶᠢ ᠴᠢᠷᠮᠠᠶᠢᠨ ᠪᠦᠷᠢᠯᠳᠦᠭᠦᠯᠵᠦ᠂ ᠬᠠᠯᠠᠮᠰᠢᠯ ᠤᠲᠠᠰᠤ ᠶᠢᠨ ᠶᠠᠪᠤᠳᠠᠯ ᠤᠴᠢᠷ ᠢ ᠰᠢᠢᠳᠪᠦᠷᠢᠯᠡᠬᠦ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠡᠯ᠎ᠡ ᠲᠠᠯ᠎ᠠ ᠶᠢᠨ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ︽ᠶᠡᠭᠡ ᠬᠠᠯᠠᠮᠰᠢᠯ ᠤᠲᠠᠰᠤ︾᠎ ᠶᠢᠨ ᠤᠢᠢᠯᠠᠭᠠᠭᠳᠠᠬᠤᠨ ᠢ ᠪᠤᠢ ᠪᠣᠯᠭᠠᠵᠤ᠂ ᠳᠡᠭᠡᠳᠦ ᠲᠤᠤᠷᠠᠳᠤ ᠱᠠᠳᠤ ᠪᠠᠷ ᠢᠶᠠᠨ ᠬᠤᠯᠪᠣᠭᠠᠯᠠᠨ ᠬᠥᠳᠡᠯᠦᠯᠴᠡᠬᠦ᠂ ᠵᠡᠷᠭᠡᠪᠡᠷ ᠠᠳᠬᠤᠨ ᠬᠠᠮᠲᠤᠪᠠᠷ ᠬᠠᠮᠢᠶᠠᠷᠬᠤ᠂ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠬᠠᠯᠠᠮᠰᠢᠯ ᠤᠲᠠᠰᠤᠨ ᠤ ᠠᠵᠢᠯ ᠤᠨ ᠪᠠᠶᠢᠷᠢᠰᠢᠯ ᠢ ᠪᠦᠷᠢᠯᠳᠦᠭᠦᠯᠵᠦ᠂ ᠠᠰᠠᠭᠤᠳᠠᠯ ᠢ ᠦᠨᠡᠨ ᠬᠦ ᠴᠢᠨᠠᠷ ᠰᠠᠶᠢᠲᠠᠢ ᠥᠨᠳᠥᠷ ᠪᠦᠲᠦᠮᠵᠢᠲᠡᠢ ᠰᠢᠢᠳᠪᠦᠷᠢᠯᠡᠵᠦ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠪᠠ ᠬᠠᠨᠤᠮᠵᠢ ᠶᠢᠨ ᠨᠤᠷᠮ᠎ᠠ ᠶᠢ ᠳᠡᠭᠡᠭᠰᠢᠯᠡᠭᠦᠯᠬᠦ ᠬᠡᠷᠡᠭᠲᠡᠢ ᠭᠡᠪᠡ᠃
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ