| | | ᠣᠶᠢᠷ᠎ᠠ ᠳᠤ᠂ ᠸᠠᠩ ᠹᠦ᠋ ᠨᠡᠶᠢᠭᠡᠮ ᠲᠣᠭᠤᠷᠢᠭ ᠤᠨ ᠲᠤᠤᠷᠵᠢᠯ ᠤᠨ ᠠᠵᠢᠯᠲᠠᠨ ᠬᠤᠳᠠ ᠶᠢᠨ ᠪᠦᠳᠦᠬᠡᠨ ᠪᠠᠶᠢᠭᠤᠯᠤᠯᠳᠠ ᠶᠢᠨ ᠬᠡᠷ ᠪᠦᠯᠢ ᠶᠢᠨ ᠠᠰᠠᠷ ᠤᠨ | ᠣᠷᠣᠵᠤ ᠭᠠᠷᠬᠤ ᠵᠠᠮ ᠤᠨ ᠭᠠᠳᠠᠷᠭᠤ ᠴᠥᠮᠥᠷᠡᠵᠦ᠂ ᠲᠦᠢᠯ ᠤᠨ ᠶᠡᠭᠡ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠬᠤ ᠶᠢ ᠣᠯᠵᠤ ᠮᠡᠳᠡᠪᠡ᠃ | ᠲᠤᠤᠷᠵᠢᠯ ᠤᠨ ᠠᠵᠢᠯᠲᠠᠨ ᠤ ᠬᠠᠷᠢᠭᠤ ᠲᠤᠰᠬᠠᠯ ᠢ ᠣᠯᠤᠭᠰᠠᠨ ᠤ ᠳᠠᠷᠠᠭ᠎ᠠ᠂ ᠳᠠᠷᠬᠠᠨ ᠵᠡᠭᠡᠯᠢ ᠭᠤᠳᠤᠮᠵᠢ ᠶᠢᠨ ᠬᠢᠨ ︽ᠬᠤᠪᠢᠰᠬᠠᠯ ᠤᠨ ᠬᠡᠷᠡᠭ ᠵᠥᠪᠯᠡᠬᠦ ᠲᠢᠩᠬᠢᠮ︾ | ᠤᠨ ᠴᠤᠤᠷᠢᠶᠠᠲᠤᠨ ᠳᠠᠭᠠᠬᠤ ᠲᠣᠭᠲᠠᠴᠠ ᠶᠢ ᠳᠠᠷᠦ᠋ᠢᠬᠠᠨ ᠡᠬᠢᠯᠡᠭᠦᠯᠵᠦ᠂ ᠰᠠᠭᠤᠭᠠᠯᠢ ᠠᠷᠠᠳ ᠤᠨ ᠲᠥᠯᠥᠭᠡᠯᠡᠭᠴᠢ ᠶᠢ ᠤᠷᠢᠵᠤ ᠬᠠᠮᠲᠤ ᠪᠠᠷ ᠲᠤᠰᠬᠠᠶ ᠰᠡᠳᠦᠪᠲᠦ | ᠵᠥᠪᠯᠡᠬᠦ ᠬᠤᠷᠠᠯ ᠬᠤᠷᠠᠯᠳᠤᠭᠤᠯᠵᠤ᠂ ᠰᠡᠯᠪᠢᠨ ᠵᠠᠰᠠᠬᠤ ᠲᠥᠰᠦᠯ᠂ ᠠᠵᠢᠯ ᠤᠨ ᠬᠤᠭᠤᠴᠠᠭᠠᠨ ᠤ ᠲᠣᠬᠢᠷᠠᠭᠤᠯᠤᠯᠲᠠ ᠶᠢᠨ ᠲᠤᠬᠠᠶ ᠶᠠᠷᠢᠯᠴᠠᠭ᠎ᠠ ᠥᠷᠨᠢᠭᠦᠯᠵᠦ᠂ | ᠠᠰᠠᠭᠤᠳᠠᠯ ᠢ ᠢᠯᠡᠷᠡᠬᠦᠯᠦᠭᠰᠡᠨ ᠠᠴᠠ ᠵᠠᠮ ᠤᠨ ᠭᠠᠳᠠᠷᠭᠤ ᠶᠢ ᠰᠡᠯᠪᠢᠨ ᠵᠠᠰᠠᠵᠤ ᠳᠠᠭᠤᠰᠬᠠᠬᠤ ᠬᠦᠷᠲᠡᠯ᠎ᠡ 72 ᠴᠠᠭ ᠯᠠ ᠬᠡᠷᠡᠭᠰᠡᠵᠦ᠂ ᠡᠪᠳᠡᠭᠳᠡᠭᠰᠡᠨ ᠵᠠᠮ ᠴᠣ | ᠰᠢᠨ᠎ᠡ ᠪᠣᠯᠵᠣ᠂ ᠠᠮᠤᠷ ᠲᠦᠪᠰᠢᠨ ᠤ ᠳᠠᠯᠳᠠ ᠬᠡᠮ ᠢ ᠲᠦᠢᠯᠪᠤᠷᠢᠲᠠᠶ ᠠᠷᠢᠯᠭᠠᠪᠠ᠃ | ᠡᠨᠡ ᠵᠢᠯ᠂ ᠳᠠᠷᠬᠠᠨ ᠵᠡᠭᠡᠯᠢ ᠭᠤᠳᠤᠮᠵᠢ ᠶᠢᠨ ᠬᠢᠨ ︽ᠬᠤᠪᠢᠰᠬᠠᠯ ᠤᠨ ᠬᠡᠷᠡᠭ ᠵᠥᠪᠯᠡᠬᠦ ᠲᠢᠩᠬᠢᠮ︾ ᠢ ᠦᠨᠳᠦᠰᠦᠨ ᠱᠠᠲᠤᠨ ᠤ ᠵᠠᠰᠠᠯᠲᠠ ᠶᠢᠨ ︽ᠰᠢᠨ᠎ᠡ | ᠬᠥᠳᠡᠯᠭᠡᠭᠦᠷ︾ ᠪᠣᠯᠭᠠᠨ ᠪᠠᠶᠢᠭᠤᠯᠵᠤ᠂ ︽1 + 7 + N︾ ᠬᠡᠷᠡᠭ ᠵᠥᠪᠯᠡᠬᠦ ᠲᠣᠭᠲᠠᠴᠠ ᠶᠢ ᠪᠠᠶᠢᠭᠤᠯᠵᠤ᠂ ᠬᠠᠷᠢᠶ᠎ᠠ ᠣᠷᠣᠨ ᠤ ᠠᠷᠠᠳᠴᠢᠯᠠᠯ ᠢᠶᠠᠷ ᠬᠡᠷᠡᠭ | ᠵᠥᠪᠯᠡᠬᠦ ᠶᠢ ᠢᠳᠡᠪᠬᠢᠲᠡᠶ ᠠᠬᠢᠭᠤᠯᠵᠤ᠂ ᠵᠡᠭᠡᠯᠢ ᠭᠤᠳᠤᠮᠵᠢ ᠶᠢᠨ ᠨᠠᠮ ᠤᠨ ᠠᠵᠢᠯ ᠤᠨ ᠬᠤᠷᠢᠶ᠎ᠠ ᠲᠦᠷᠦᠭᠦᠯᠡᠨ᠂ 7 ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ | ᠪᠠᠶᠢᠭᠤᠯᠤᠯᠲᠠ ᠣᠷᠣᠯᠴᠠᠵᠤ᠂ ᠠᠳᠠᠯ ᠠᠬᠤᠶ ᠶᠢᠨ ᠺᠣᠮᠫᠠᠨᠢ᠂ ᠠᠵᠢᠯ ᠦᠢᠯᠡᠰ ᠤᠨ ᠵᠥᠪᠯᠡᠯ᠂ ᠪᠣᠳᠠᠰ ᠤᠨ ᠬᠠᠮᠢᠶᠠᠷᠤᠯᠲᠠ ᠶᠢᠨ ᠵᠥᠪᠯᠡᠯ᠂ ᠰᠠᠭᠤᠭᠠᠯᠢ ᠠᠷᠠᠳ ᠤᠨ | ᠲᠥᠯᠥᠭᠡᠯᠡᠭᠴᠢ ᠬᠠᠮᠲᠤ ᠪᠠᠷ ᠣᠷᠣᠯᠴᠠᠭᠰᠠᠨ ᠬᠡᠷᠡᠭ ᠵᠥᠪᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠪᠡ︔ 12345 ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ᠂ ᠲᠤᠤᠷᠵᠢᠯ ᠤᠨ ᠠᠵᠢᠯᠳᠠᠨ ᠤ ᠲᠣᠭᠤᠷᠢᠨ ᠪᠠᠶᠢᠴᠠᠭᠠᠯᠲᠠ ᠪᠠ ᠰᠠᠭᠤᠭᠠᠯᠢ ᠠᠷᠠᠳ ᠤᠨ | ᠬᠠᠷᠢᠭᠤ ᠲᠤᠰᠬᠠᠬᠤ ᠵᠡᠷᠭᠡ ᠠᠷᠭ᠎ᠠ ᠮᠠᠶ᠋ᠢᠭ ᠲᠤ ᠲᠦᠰᠢᠭᠯᠡᠨ᠂ ᠡᠬᠢ ᠪᠠᠶᠠᠯᠢᠭ ᠢ ᠵᠣᠯᠭᠠᠭᠤᠯᠬᠤ ᠴᠢᠳᠠᠮᠵᠢ ᠶᠢ ᠪᠡᠶᠡᠯᠡᠭᠦᠯᠵᠦ᠂ ︽ᠣᠯᠠᠨ ᠲᠦᠮᠡᠨ ᠰᠡᠳᠦᠪ | ᠳᠤᠷᠠᠳᠬᠤ᠂ ᠰᠠᠯᠠᠭ᠎ᠠ ᠮᠥᠴᠢᠷ ᠰᠡᠳᠦᠪ ᠬᠠᠷᠢᠭᠤᠯᠬᠤ᠂ ᠰᠠᠬᠢᠯᠭ᠎ᠠ ᠪᠠᠲᠤ ᠪᠠᠶᠢᠴᠠᠭᠠᠬᠤ ᠠᠵᠢᠯ ᠤᠨ ᠵᠥᠪᠯᠡᠯ ᠬᠢᠨᠠᠯᠲᠠ ᠲᠠᠯᠪᠢᠬᠤ︾ ᠪᠢᠲᠡᠭᠦᠦ ᠴᠤᠪᠤᠷᠠᠯ ᠢ ᠪᠣᠶ | ᠪᠣᠯᠭᠠᠵᠤ᠂ ᠰᠠᠭᠤᠭᠠᠯᠢ ᠠᠷᠠᠳ ᠤᠨ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠪᠡ᠃ | ᠲᠠᠷᠠᠭᠠᠴᠢ ᠶᠢᠨ ᠠᠯᠬᠤᠮ ᠳᠤ᠂ ᠳᠠᠷᠬᠠᠨ ᠵᠡᠭᠡᠯᠢ ᠭᠤᠳᠤᠮᠵᠢ ᠶᠢᠨ ᠬᠢᠨ ︽ᠬᠤᠪᠢᠰᠬᠠᠯ ᠤᠨ ᠬᠡᠷᠡᠭ ᠵᠥᠪᠯᠡᠬᠦ ᠲᠢᠩᠬᠢᠮ︾ ᠤᠨ ᠲᠥᠷᠥᠯ ᠲᠡᠮᠳᠡᠭ ᠢ | ᠦᠷᠭᠦᠯᠵᠢᠯᠡᠨ ᠭᠡᠷᠡᠯᠲᠦᠭᠦᠯᠵᠦ᠂ ᠣᠯᠠᠨ ᠲᠦᠮᠡᠨ ᠤ ᠪᠠᠴᠢᠮ ᠪᠠᠶᠢᠳᠠᠯ ᠬᠦᠴᠢᠷ ᠵᠣᠪᠠᠭᠤᠷᠢ ᠬᠦᠰᠡᠯ ᠡᠷᠡᠮᠡᠯᠵᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠳᠠᠲᠤ | ᠠᠵᠢᠯᠯᠠᠭ᠎ᠠ ᠪᠠᠷ ᠢᠶᠠᠨ ᠰᠢᠨ᠎ᠡ ᠴᠠᠭ ᠦᠶ᠎ᠡ ᠶᠢᠨ ᠦᠨᠳᠦᠰᠦᠨ ᠱᠠᠲᠤᠨ ᠤ ᠵᠠᠰᠠᠯᠲᠠ ᠶᠢᠨ ᠰᠡᠳᠬᠢᠯ ᠢ ᠳᠤᠯᠠᠭᠠᠴᠠᠭᠤᠯᠤᠭᠰᠠᠨ ᠬᠠᠭᠤᠳᠠᠰᠤ ᠶᠢ ᠪᠢᠴᠢᠭᠯᠡᠵᠦ᠂ | ᠰᠠᠭᠤᠭᠠᠯᠢ ᠠᠷᠠᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯ ᠤᠨ ᠲᠥᠷᠥᠭᠳᠡᠯ ᠢ ᠬᠡᠷ ᠤᠨ ᠡᠭᠦᠳᠡᠨ ᠳᠤ ᠲᠠᠰ ᠳᠡᠪᠰᠢᠭᠦᠯᠦᠨ᠎ᠡ᠃ | | | | |