︽ᠭᠡᠰᠡᠷ︾ ᠵᠢᠱᠢᠶ᠎ᠡ ᠦᠵᠡᠭᠦᠯᠬᠦ ᠤᠬᠠᠭᠤᠯᠤᠨ ᠲᠠᠶᠢᠯᠪᠤᠷᠢᠯᠠᠬᠤ ᠪᠦᠯᠬᠦᠮ ᠰᠠᠶᠢᠬᠠᠨ ᠬᠠᠨ ᠠᠭᠤᠯᠠ ᠶᠢᠨ ᠣᠪᠣᠭᠠᠨ ᠰᠣᠶᠣᠯ ᠤᠨ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/6/9
      6 ᠰᠠᠷ᠎ᠠ ᠶᠢᠨ 7᠎ ᠤ ᠡᠳᠦᠷ᠂ ᠰᠠᠶᠢᠬᠠᠨ ᠬᠠᠨ ᠠᠭᠤᠯᠠ ᠶᠢᠨ ᠣᠪᠤᠭᠠᠨ ᠰᠣᠶᠣᠯ ᠤᠨ ᠠᠵᠢᠯᠯᠠᠭ᠎ᠠ ᠳᠤ ᠲᠦᠰᠢᠭᠯᠡᠨ᠂ ︽ᠭᠡᠰᠡᠷ︾ ᠤᠬᠠᠭᠤᠯᠤᠨ ᠲᠠᠶᠢᠯᠪᠤᠷᠢᠯᠠᠭᠴᠢᠳ ᠤᠬᠠᠭᠤᠯᠤᠨ ᠲᠠᠶᠢᠯᠪᠤᠷᠢᠯᠠᠬᠤ ᠬᠢᠴᠢᠶᠡᠯ ᠤᠨ ᠲᠠᠩᠬᠢᠮ ᠢᠶᠠᠨ ᠰᠠᠶᠢᠬᠠᠨ ᠬᠠᠨ ᠠᠭᠤᠯᠠ ᠣᠪᠣᠭ᠎ᠠ ᠶᠢᠨ ᠰᠣᠶᠣᠯ ᠤᠨ ᠠᠵᠢᠯᠯᠠᠭ᠎ᠠ ᠶᠢᠨ ᠠᠬᠤᠶ ᠲᠠᠯᠠᠪᠠᠶ ᠳᠤ ᠨᠡᠭᠦᠯᠭᠡᠵᠦ᠂ ᠮᠠᠯᠴᠢᠨ ᠲᠠᠷᠢᠶᠠᠴᠢᠨ ᠳᠤ ᠦᠵᠡᠯ ᠰᠠᠨᠠᠭ᠎ᠠ ᠭᠦᠨ ᠭᠦᠨᠵᠡᠭᠡᠶ᠂ ᠬᠡᠯᠪᠡᠷᠢ ᠠᠮᠢᠳᠤᠯᠢᠭ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃      ᠤᠬᠠᠭᠤᠯᠤᠨ ᠲᠠᠶᠢᠯᠪᠤᠷᠢᠯᠠᠭᠴᠢ ᠵᠠᠩ ᠮᠢᠩ ᠯᠢ ︽ᠤᠯᠠᠨ ᠦᠨᠳᠦᠰᠦᠲᠡᠨ ᠲᠠᠢ ᠤᠯᠤᠰ ᠤᠨ ᠪᠠᠶᠢᠳᠠᠯ ᠢ ᠨᠢᠭᠡᠳᠬᠡᠬᠦ ᠳᠤ ᠰᠠᠭᠤᠷᠢᠯᠠᠬᠤ— ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠰᠦᠷᠯᠢᠭ ᠰᠠᠶᠢᠬᠠᠨ ᠵᠢᠷᠤᠭ ᠢ ᠵᠢᠷᠤᠭᠯᠠᠨ᠎ᠠ︾ ᠭᠡᠬᠦ ᠰᠡᠳᠦᠪ ᠢᠶᠠᠷ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠰᠢᠰᠲ᠋ᠧᠮ ᠲᠠᠢ ᠲᠠᠶᠢᠯᠪᠤᠷᠢᠯᠠᠪᠠ︔ ᠤᠬᠠᠭᠤᠯᠤᠨ ᠲᠠᠶᠢᠯᠪᠤᠷᠢᠯᠠᠭᠴᠢ ᠤᠯᠠᠭᠠᠨᠴᠡᠴᠡᠭ ᠴᠢᠰᠤ ᠮᠢᠬᠠᠨ ᠤ ᠪᠠᠷᠢᠯᠳᠤᠯᠭ᠎ᠠ ᠪᠠᠷ ︽ᠭᠤᠷᠪᠠᠨ ᠮᠢᠩᠭᠠᠨ ᠥᠨᠥᠴᠢᠨ ᠬᠡᠦᠬᠡᠳ ᠥᠪᠥᠷ ᠮᠣᠩᠭᠤᠯ ᠳᠤ ᠣᠷᠣᠵᠤ ᠢᠷᠡᠭᠰᠡᠨ︾ ᠭᠡᠬᠦ ᠡᠨᠡ ᠬᠦ ᠬᠡᠰᠡᠭ ᠦᠨᠳᠦᠰᠦᠲᠡᠨ ᠤ ᠶᠡᠭᠡ ᠬᠠᠶᠢᠷ᠎ᠠ ᠶᠢᠨ ᠲᠡᠦᠬᠡᠨ ᠳᠠᠭᠤᠷᠢᠰᠬᠠᠯ ᠢ ᠬᠦᠦᠷᠨᠢᠵᠡᠶ︔ ᠤᠬᠠᠭᠤᠯᠤᠨ ᠲᠠᠶᠢᠯᠪᠤᠷᠢᠯᠠᠭᠴᠢ ᠤᠶᠤᠨᠪᠢᠯᠢᠭ᠌ ᠭᠠᠵᠠᠷ ᠣᠷᠣᠨ ᠤ ᠬᠥᠭᠵᠢᠯᠲᠡ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠨᠠᠮ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠵᠢᠴᠢ ᠦᠨᠳᠦᠰᠦᠲᠡᠨ ᠨᠦᠭᠦᠳ ᠤᠨ ᠤᠷᠳᠤ ᠬᠤᠭᠤᠴᠠᠭᠠᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡ ᠶᠢ ᠲᠣᠳᠣᠷᠬᠠᠶᠢᠯᠠᠨ ᠥᠭᠦᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠭᠤᠯᠤᠭᠳᠠᠬᠤᠨ ᠢ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠪᠤᠷᠢᠯᠠᠪᠠ︔ ︽ᠤᠯᠤᠰ ᠤᠨ ᠬᠡᠦᠬᠡᠳ︾ ᠲᠢᠶᠠᠨ ᠯᠢ ᠠᠵᠢᠯᠯᠠᠭ᠎ᠠ ᠶᠢᠨ ᠠᠬᠤᠶ ᠲᠠᠯᠠᠪᠠᠶ ᠳᠤ ᠢᠷᠡᠵᠦ᠂ ᠲᠠᠶᠢᠰᠠᠨ ᠳᠤ ᠭᠠᠷᠴᠤ ᠦᠵᠡᠭᠴᠢᠳ ᠲᠠᠢ ᠥᠪᠡᠷ ᠤᠨ ᠦᠰᠦᠨ ᠪᠤᠶᠢᠵᠢᠭᠰᠠᠨ ᠥᠩᠭᠡᠷᠡᠯᠲᠡ ᠪᠠᠨ ᠬᠤᠪᠢᠶᠠᠯᠴᠠᠪᠠ᠃     ᠲᠤᠰ ᠤᠳᠠᠭ᠎ᠠ ᠶᠢᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠨᠢ ︽ᠪᠠᠶᠠᠷ ᠳᠤᠷᠠᠰᠬᠠᠯ ᠢᠶᠠᠷ ᠲᠠᠪᠴᠠᠩ ᠪᠣᠯᠭᠠᠵᠤ᠂ ᠤᠨᠤᠯ ᠢᠶᠠᠷ ᠲᠤᠭᠯᠠᠯᠳᠠ ᠪᠤᠯᠭᠠᠨ᠂ ᠤᠳᠬ᠎ᠠ ᠤᠷᠠᠯᠢᠭ ᠢᠶᠠᠷ ᠭᠡᠷᠡᠯ ᠭᠢᠯᠪᠠᠭ᠎ᠠ ᠨᠡᠮᠡᠷᠢᠯᠡᠬᠦ︾ ᠵᠠᠭᠪᠤᠷ ᠢᠶᠠᠷ ᠳᠠᠮᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠴᠠᠭ ᠦᠶ᠎ᠡ ᠶᠢᠨ ᠬᠦᠴᠦᠷᠬᠡᠭ ᠳᠠᠭᠤᠨ ᠢ ᠮᠠᠯᠴᠢᠨ ᠲᠠᠷᠢᠶᠠᠴᠢᠨ ᠤ ᠰᠠᠶᠢᠨ ᠮᠡᠳᠡᠳᠡᠭ ᠪᠠᠶᠠᠷ ᠤᠨ ᠡᠳᠦᠷ ᠤᠨ ᠠᠬᠤᠢ ᠪᠠᠶᠢᠳᠠᠯ ᠪᠣᠯᠤᠨ ᠦᠵᠡᠵᠦ ᠰᠣᠨᠢᠷᠬᠠᠬᠤ ᠳᠤᠷᠠᠲᠠᠢ ᠤᠷᠠᠯᠢᠭ ᠤᠨ ᠬᠡᠯᠪᠡᠷᠢ ᠳᠤ ᠠᠭᠤᠰᠤᠯᠴᠠᠭᠤᠯᠵᠤ᠂ ᠦᠨᠡᠨ ᠬᠦ ᠬᠥᠮᠦᠰ ᠤᠨ ᠰᠡᠳᠬᠢᠯ ᠳᠤ ᠬᠦᠷᠭᠡᠬᠦ ᠶᠢ ᠪᠡᠶᠡᠯᠡᠭᠦᠯᠪᠡ᠃ ᠲᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤ ︽ᠭᠡᠰᠡᠷ︾ ᠣᠨᠣᠯ ᠢ ᠤᠬᠠᠭᠤᠯᠤᠨ ᠲᠠᠶᠢᠯᠪᠤᠷᠢᠯᠠᠬᠤ ᠲᠥᠷᠥᠯ ᠲᠡᠮᠳᠡᠭ ᠢᠶᠠᠨ ᠭᠢᠯᠠᠯᠵᠠᠭᠤᠯᠵᠤ᠂ ᠤᠬᠠᠭᠤᠯᠤᠨ ᠲᠠᠶᠢᠯᠪᠤᠷᠢᠯᠠᠬᠤ ᠬᠡᠯᠪᠡᠷᠢ ᠪᠠᠨ ᠰᠢᠨᠡᠴᠢᠯᠡᠵᠦ᠂ ᠠᠭᠤᠯᠭ᠎ᠠ ᠠᠴᠢᠶᠠᠯᠠᠪᠤᠷᠢ ᠪᠠᠨ ᠪᠠᠶᠠᠯᠢᠭᠵᠢᠭᠤᠯᠵᠤ᠂ ︽ᠪᠣᠳᠠᠲᠠᠶ︾ ᠠᠭᠤᠯᠭ᠎ᠠ᠂ ︽ᠠᠮᠢᠳᠤᠯᠢᠭ︾ ᠠᠷᠭ᠎ᠠ ᠬᠡᠯᠪᠡᠷᠢ᠂ ︽ᠰᠢᠨ᠎ᠡ ᠰᠣᠷᠭᠤᠭ︾ ᠦᠭᠡ ᠬᠡᠯᠡ ᠪᠠᠷ ᠨᠠᠮ ᠤᠨ ᠰᠢᠨ᠎ᠡ ᠶᠢ ᠡᠭᠦᠳᠬᠦ ᠣᠨᠣᠯ ᠢ ᠡᠬᠡᠯ ᠠᠷᠠᠳ ᠤᠨ ᠬᠡᠷ ᠲᠤ ᠬᠦᠷᠭᠡᠬᠦ ᠶᠢ ᠠᠬᠢᠭᠤᠯᠤᠨ᠎ᠠ᠃
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ