| | | | ᠴᠠᠭᠠᠨᠮᠥ᠋ᠷᠡᠨ ᠰᠤᠮᠤ ᠶᠢᠨ ᠬᠡᠷᠡᠭᠵᠢᠭᠦᠯᠦᠭᠰᠡᠨ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠣᠶ ᠰᠢᠭᠤᠶ ᠨᠤᠲᠤᠭ ᠪᠡᠯᠴᠢᠬᠡᠷ ᠨᠤᠭᠤ ᠭᠠᠵᠠᠷ ᠢ ᠨᠢᠭᠡ | ᠴᠣᠭᠴᠠᠵᠢᠭᠤᠯᠤᠨ ᠰᠡᠷᠭᠦᠭᠡᠬᠦ ᠲᠥᠷᠥᠯ ᠵᠦᠢᠯ— ᠬᠦᠨᠳᠦ ᠨᠣᠴᠢᠲᠠᠶ ᠨᠤᠲᠤᠭ ᠪᠡᠯᠴᠢᠭᠡᠷ ᠤᠨ ᠲᠠᠴᠢᠷᠳᠠᠬᠤ ᠶᠢ ᠰᠡᠷᠭᠦᠭᠡᠬᠦ ᠲᠥᠷᠥᠯ ᠵᠦᠢᠯ ᠤᠨ ᠣᠷᠣᠨ ᠨᠢ | ᠬᠠᠭᠠᠯᠪᠤᠷᠢᠯᠠᠬᠤ ᠥᠬᠡᠶ ᠪᠠᠷ ᠳᠠᠷᠢᠬᠤ ᠪᠠ ᠠᠮᠢ ᠠᠬᠤᠶ ᠶᠢᠨ ᠬᠠᠮᠢᠶᠠᠷᠤᠯᠲᠠ ᠬᠠᠮᠠᠭᠠᠯᠠᠯᠲᠠ ᠪᠠᠷ ᠳᠡᠮᠵᠢᠨ᠂ ᠲᠥᠷᠥᠯ ᠵᠦᠢᠯ ᠤᠨ ᠣᠷᠣᠨ ᠤ ᠤᠷᠭᠤᠮᠠᠯ ᠤᠨ | ᠬᠤᠴᠢᠯᠭ᠎ᠠ ᠶᠢ ᠰᠡᠷᠭᠦᠭᠡᠭᠰᠡᠨ ᠦᠷ᠎ᠡ ᠪᠦᠲᠦᠮᠵᠢ ᠨᠢ ᠢᠯᠡᠷᠬᠡᠶ᠂ ᠲᠡᠵᠢᠭᠡᠯ ᠡᠪᠡᠰᠦᠨ ᠤ ᠤᠷᠭᠤᠴᠠ ᠨᠢ ᠮᠠᠰᠢ ᠰᠠᠶᠢᠨ ᠪᠠᠶᠢᠵᠤ᠂ ᠥᠩᠭᠡᠷᠡᠭᠰᠡᠨ ᠤ ᠮᠠᠭᠤᠳᠠᠭᠰᠠᠨ | ᠨᠤᠲᠤᠭ ᠪᠡᠯᠴᠢᠭᠡᠷ ᠲᠤ ᠠᠮᠢᠵᠢᠷᠠᠯ ᠤᠨ ᠬᠦᠴᠦᠨ ᠪᠢᠯᠬᠠᠨ᠎ᠠ᠃ | ᠨᠤᠲᠤᠭ ᠪᠡᠯᠴᠢᠭᠡᠷ ᠲᠠᠴᠢᠷᠳᠠᠭᠰᠠᠨ᠂ ᠡᠯᠡᠰᠦᠷᠬᠡᠭᠵᠢᠭᠰᠡᠨ ᠵᠡᠷᠭᠡ ᠠᠰᠠᠭᠤᠳᠠᠯ ᠳᠤ ᠴᠢᠭᠯᠡᠭᠦᠯᠦᠨ᠂ ᠴᠠᠭᠠᠨᠮᠥ᠋ᠷᠡᠨ ᠰᠤᠮᠤ ︽ᠠᠮᠢ ᠠᠬᠤᠶ ᠶᠢ ᠲᠡᠷᠢᠭᠦᠨ ᠳᠤ | ᠲᠠᠯᠪᠢᠬᠤ᠂ ᠪᠣᠬᠢᠷᠲᠤᠯ ᠥᠬᠡᠶ ᠬᠥᠭᠵᠢᠭᠦᠯᠬᠦ︾ ᠣᠶᠢᠯᠠᠭᠠᠭᠳᠠᠬᠤᠨ ᠢ ᠪᠠᠷᠢᠮᠲᠠᠯᠠᠨ᠂ ︽ᠬᠠᠰᠢᠶᠠᠯᠠᠵᠦ ᠪᠡᠯᠴᠢᠭᠡᠷᠯᠡᠭᠦᠯᠬᠦ ᠶᠢ ᠴᠠᠭᠠᠵᠠᠯᠠᠬᠤ + ᠬᠥᠮᠦᠨ ᠤ ᠬᠦᠴᠦ ᠪᠠᠷ | ᠡᠪᠡᠰᠦ ᠳᠠᠷᠢᠬᠤ + ᠠᠶᠠᠨᠳᠠᠭᠠᠨ ᠰᠡᠷᠭᠦᠭᠡᠬᠦ︾ ᠶᠡᠷᠦᠩᠬᠡᠶᠢᠯᠡᠨ ᠵᠠᠰᠠᠬᠤ ᠵᠠᠭᠪᠤᠷ ᠢ ᠠᠪᠴᠤ᠂ ᠬᠦᠨᠳᠦ ᠨᠣᠴᠢᠲᠠᠶ ᠲᠠᠴᠢᠷᠳᠠᠭᠰᠠᠨ ᠨᠤᠲᠤᠭ ᠪᠡᠯᠴᠢᠭᠡᠷ ᠢ | ᠰᠢᠰᠲ᠋ᠧᠮ ᠲᠠᠢ ᠪᠠᠷ ᠰᠡᠷᠭᠦᠭᠡᠪᠡ᠃ ᠲᠥᠷᠥᠯ ᠵᠦᠢᠯ ᠨᠢ ᠭᠠᠩ ᠬᠠᠭᠰᠠᠷᠠᠭᠠᠨ ᠳᠤ ᠳᠠᠭᠠᠭᠠᠮᠠᠭᠠᠶ ᠪᠠᠶᠢᠬᠤ᠂ ᠡᠯᠡᠰᠦ ᠶᠢ ᠲᠣᠭᠲᠠᠪᠤᠷᠢᠵᠢᠭᠤᠯᠬᠤ ᠴᠢᠨᠠᠷ ᠰᠠᠶᠢᠲᠠᠶ | ᠡᠪᠡᠰᠦᠨ ᠤ ᠦᠷ᠎ᠡ ︵ᠬᠤᠵᠢᠰᠤ᠂ ᠮᠥᠰᠥᠨ ᠡᠪᠡᠰᠦ᠂ ᠬᠤᠵᠢᠷᠯᠢᠭ ᠡᠪᠡᠰᠦ᠂ ᠠᠯᠳᠠᠭᠠᠨ᠎ᠠ︶ ᠶᠢ ᠰᠣᠩᠭᠤᠨ ᠬᠠᠭᠠᠯᠪᠤᠷᠢᠯᠠᠬᠤ ᠥᠬᠡᠶ ᠪᠠᠷ ᠬᠤᠯᠢᠯᠳᠤᠭᠤᠯᠤᠨ | ᠳᠠᠷᠢᠬᠤ ᠶᠢᠨ ᠬᠠᠮᠲᠤ ᠬᠦᠷᠢᠶᠡᠯᠡᠨ ᠪᠢᠲᠡᠭᠦᠮᠵᠢᠯᠡᠬᠦ᠂ ᠬᠥᠷᠥᠰᠥ ᠰᠢᠷᠣᠶ ᠶᠢ ᠰᠠᠶᠢᠵᠢᠷᠠᠭᠤᠯᠬᠤ ᠵᠡᠷᠭᠡ ᠠᠷᠭ᠎ᠠ ᠬᠡᠮᠵᠢᠶ᠎ᠡ ᠲᠠᠢ ᠤᠶᠠᠯᠳᠤᠭᠤᠯᠤᠨ᠂ ᠨᠤᠲᠤᠭ ᠪᠡᠯᠴᠢᠭᠡᠷ | ᠮᠠᠭᠤᠵᠢᠷᠠᠬᠤ ᠬᠠᠨᠳᠤᠰᠢ ᠶᠢ ᠪᠦᠲᠦᠮᠵᠢᠲᠡᠶ ᠬᠤᠷᠢᠭᠯᠠᠵᠤ᠂ ᠤᠷᠭᠤᠮᠠᠯ ᠤᠨ ᠬᠤᠴᠢᠯᠭ᠎ᠠ ᠶᠢ ᠲᠦᠷᠭᠡᠨ ᠰᠡᠷᠭᠦᠭᠡᠬᠦ ᠶᠢ ᠠᠬᠢᠭᠤᠯᠪᠠ᠃ | ᠣᠳᠣᠬᠠᠨ ᠳᠤ᠂ ᠲᠥᠷᠥᠯ ᠵᠦᠢᠯ ᠤᠨ ᠣᠷᠣᠨ ᠤ ᠳᠣᠲᠣᠷᠠᠬᠢ ᠲᠡᠵᠢᠭᠡᠯ ᠡᠪᠡᠰᠦᠨ ᠤ ᠪᠦᠷᠬᠦᠴᠡ ᠶᠢᠨ ᠨᠣᠷᠮ᠎ᠠ ᠢᠯᠡᠳᠲᠡ ᠳᠡᠭᠡᠭᠰᠢᠯᠡᠵᠦ᠂ ᠴᠢᠨᠠᠷ ᠰᠠᠶᠢᠲᠠᠶ | ᠲᠡᠵᠢᠭᠡᠯ ᠡᠪᠡᠰᠦ ᠨᠢ ᠬᠢᠶᠠᠭ ᠡᠪᠡᠰᠦ᠂ ᠮᠥᠰᠥ ᠡᠪᠡᠰᠦ ᠵᠡᠷᠭᠡ ᠢᠳᠡᠷᠡᠭᠦᠨ ᠢᠶᠠᠷ ᠤᠷᠭᠤᠵᠤ᠂ ᠬᠡᠰᠡᠭ ᠭᠠᠵᠠᠷ ᠤᠨ ᠤᠷᠭᠤᠮᠠᠯ ᠤᠨ ᠬᠤᠴᠢᠯᠭ᠎ᠠ ᠶᠢᠨ ᠥᠨᠳᠥᠷ ᠨᠢ | ᠨᠢᠭᠡᠨᠲᠡ 30 ᠰᠡᠨᠲ᠋ᠢᠮᠧᠳ᠋ᠷ ᠬᠦᠷᠴᠦ᠂ ᠨᠤᠲᠤᠭ ᠪᠡᠯᠴᠢᠭᠡᠷ ᠤᠨ ᠠᠮᠢ ᠠᠬᠤᠶ ᠶᠢᠨ ᠰᠢᠰᠲ᠋ᠧᠮ ᠠᠯᠬᠤᠮ ᠠᠯᠬᠤᠮ ᠢᠶᠠᠷ ᠲᠡᠩᠴᠡᠭᠦᠷᠢᠲᠡᠶ ᠪᠣᠯᠪᠠ᠃ ᠪᠢᠲᠡᠭᠦᠮᠵᠢᠯᠡᠬᠦ | ᠠᠷᠭ᠎ᠠ ᠬᠡᠮᠵᠢᠶ᠎ᠡ ᠨᠢ ᠬᠡᠭᠡᠷ᠎ᠡ ᠶᠢᠨ ᠠᠮᠢᠲᠠᠨ ᠳᠤ ᠣᠷᠣᠰᠢᠨ ᠠᠮᠢᠳᠤᠷᠠᠬᠤ ᠭᠠᠵᠠᠷ ᠬᠠᠩᠭᠠᠭᠰᠠᠨ ᠢᠶᠠᠷ ᠪᠠᠷᠠᠬᠤ ᠥᠬᠡᠶ ᠪᠠᠰᠠ ᠬᠥᠷᠥᠰᠥ ᠰᠢᠷᠣᠶ ᠶᠢᠨ ᠤᠰᠤ | ᠬᠠᠳᠠᠭᠠᠯᠠᠵᠤ ᠴᠢᠭᠢᠭ ᠢ ᠬᠠᠮᠠᠭᠠᠯᠠᠬᠤ ᠴᠢᠳᠠᠪᠤᠷᠢ ᠶᠢ ᠴᠢᠩᠭᠠᠷᠠᠭᠤᠯᠵᠤ᠂ ᠰᠠᠯᠬᠢ ᠶᠢ ᠰᠡᠷᠭᠡᠶᠢᠯᠡᠵᠦ ᠡᠯᠡᠰᠦ ᠶᠢ ᠲᠣᠭᠲᠠᠪᠤᠷᠢᠵᠢᠭᠤᠯᠬᠤ ᠦᠷ᠎ᠡ ᠪᠦᠲᠦᠮᠵᠢ ᠶᠢ ᠤᠯᠠᠮ | ᠨᠢᠭᠡ ᠠᠯᠬᠤᠮ ᠪᠠᠬᠢᠵᠢᠭᠦᠯᠵᠦ᠂ ᠣᠷᠣᠨ ᠪᠦᠰᠡ ᠶᠢᠨ ᠠᠮᠢ ᠠᠬᠤᠶ ᠶᠢᠨ ᠠᠮᠤᠷ ᠲᠦᠪᠰᠢᠨ ᠳᠤ ᠨᠣᠭᠤᠭᠠᠨ ᠬᠠᠯᠬᠠᠪᠴᠢ ᠶᠢ ᠪᠠᠶᠢᠭᠤᠯᠤᠭᠰᠠᠨ ᠪᠠᠶᠢᠨ᠎ᠠ᠃ | ︽ᠪᠡᠯᠴᠢᠭᠡᠷᠯᠡᠭᠦᠯᠬᠦ ᠶᠢ ᠴᠠᠭᠠᠵᠠᠯᠠᠬᠤ ᠠᠴᠠ ᠪᠢᠰᠢ ᠲᠡᠵᠢᠭᠡᠬᠦ ᠶᠢ ᠴᠠᠭᠠᠵᠠᠯᠠᠬᠤ ᠦᠬᠡᠢ︾ ᠲᠥᠷᠥ ᠶᠢᠨ ᠪᠣᠳᠣᠯᠭ᠎ᠠ ᠪᠠᠷ ᠳᠠᠮᠵᠢᠭᠤᠯᠤᠨ᠂ ᠮᠠᠯᠴᠢᠳ ᠢ | ᠬᠥᠲᠥᠯᠥᠨ ᠵᠢᠯᠣᠭᠤᠳᠴᠤ ᠪᠠᠶᠢᠭᠠᠳ ᠰᠢᠨᠵᠢᠯᠡᠬᠦ ᠤᠬᠠᠭᠠᠨᠴᠢ ᠪᠠᠷ ᠰᠡᠯᠭᠦᠨ ᠮᠠᠯᠵᠢᠵᠤ᠂ ᠨᠤᠲᠤᠭ ᠪᠡᠯᠴᠢᠭᠡᠷ ᠢ ᠵᠦᠶ ᠵᠣᠬᠢᠰᠲᠠᠶ ᠠᠰᠢᠭᠯᠠᠨ᠂ ᠠᠮᠢ ᠠᠬᠤᠶ ᠶᠢᠨ | ᠬᠠᠮᠠᠭᠠᠯᠠᠯᠲᠠ ᠬᠢᠭᠡᠳ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠵᠣᠬᠢᠴᠠᠩᠭᠤᠶ ᠬᠥᠭᠵᠢᠯᠲᠡ ᠶᠢ ᠪᠡᠶᠡᠯᠡᠭᠦᠯᠪᠡ᠃ ᠨᠤᠲᠤᠭ ᠪᠡᠯᠴᠢᠭᠡᠷ ᠤᠨ ᠠᠮᠢ ᠠᠬᠤᠢ ᠶᠢᠨ | ᠨᠥᠬᠦᠪᠥᠷᠢ ᠶᠢᠨ ᠲᠣᠭᠲᠠᠴᠠ ᠲᠠᠢ ᠤᠶᠠᠯᠳᠤᠭᠤᠯᠤᠨ᠂ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠶᠢ ᠠᠬᠢᠭᠤᠯᠵᠤ᠂ ᠮᠠᠯᠴᠢᠳ ᠤᠨ ᠣᠷᠣᠯᠭ᠎ᠠ ᠶᠢ | ᠨᠡᠮᠡᠭᠳᠡᠭᠦᠯᠬᠦ ᠳᠤ ᠬᠦᠴᠦᠨ ᠨᠡᠮᠡᠷᠢᠯᠡᠵᠦ᠂ ︽ᠪᠠᠶᠢᠭᠠᠯᠢ ᠤᠷᠴᠢᠨ ᠰᠠᠶᠢᠨ ᠮᠦᠷᠳᠡᠬᠡᠨ ᠪᠠᠶᠠᠨ ᠴᠢᠨᠡᠭᠡᠯᠢᠭ︾ ᠦᠷᠭᠦᠯᠵᠢᠯᠡᠬᠦ ᠬᠥᠭᠵᠢᠯᠲᠡ ᠶᠢᠨ ᠵᠠᠮ ᠢᠶᠠᠷ ᠵᠠᠮᠨᠠᠨ᠎ᠠ᠃ | ᠲᠠᠷᠠᠭᠠᠴᠢ ᠶᠢᠨ ᠠᠯᠬᠤᠮ ᠳᠤ᠂ ᠴᠠᠭᠠᠨᠮᠥ᠋ᠷᠡᠨ ᠰᠤᠮᠤ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ | ᠡᠬᠡ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠵᠦ᠂ ︽ᠬᠥᠬᠡᠮᠳᠦᠭ ᠨᠣᠭᠤᠭᠠᠨ ᠠᠭᠤᠯᠠ ᠤᠰᠤ | ᠪᠣᠯ ᠠᠯᠲᠠ ᠮᠥᠩᠭᠦᠨ ᠠᠭᠤᠯᠠ ᠮᠥᠨ︾ ᠭᠡᠬᠦ ᠠᠮᠢ ᠠᠬᠤᠶ ᠶᠢᠨ ᠪᠣᠯᠪᠠᠰᠤᠨ ᠤ ᠦᠢᠯᠡᠳᠦᠯᠭᠡ ᠶᠢᠨ ᠬᠡᠪ ᠳᠠᠭᠤᠷᠢᠶᠠᠯ ᠢ ᠪᠣᠶ ᠪᠣᠯᠭᠠᠬᠤ ᠳᠤ ᠬᠦᠴᠦᠨ ᠴᠢᠳᠠᠯ ᠢᠶᠠᠨ | ᠡᠷᠭᠦᠨ᠎ᠡ᠃ |