ᠮᠠᠨ ᠤ ᠬᠤᠰᠢᠭᠤᠨ ᠤ ᠲᠤᠯᠤᠭᠠᠨ ᠤᠷᠤᠯᠴᠠᠭᠴᠢ ︽ᠤᠯᠠᠭᠠᠨᠬᠠᠳᠠ ᠬᠤᠲᠠ ᠶᠢᠨ ᠲᠠᠷᠢᠶᠠᠯᠠᠩ ᠤᠨ ᠠᠰᠢᠭ ᠰᠢᠮ᠎ᠡ ᠶᠢᠨ ᠤᠬᠠᠭᠤᠯᠤᠨ ᠲᠠᠨᠢᠯᠴᠠᠭᠤᠯᠤᠭᠴᠢ︾᠎ ᠶᠢᠨ ᠢᠷᠠᠭᠤ ᠠᠯᠳᠠᠷ ᠢ ᠬᠦᠷᠲᠡᠵᠦ᠂ ᠡᠭᠦᠨ ᠳᠤ ᠭᠤᠷᠪᠠᠨ ᠤᠷᠤᠯᠴᠠᠭᠴᠢ ᠭᠤᠷᠪᠠᠳᠤᠭᠠᠷ ᠳᠡᠰ ᠤᠨ ᠱᠠᠩᠨᠠᠯ ᠬᠦᠷᠲᠡᠪᠡ
ᠨᠡᠶᠢᠲᠡᠯᠡᠭᠰᠡᠨ ᠴᠠᠭ᠄
2025/7/1
      6 ᠰᠠᠷ᠎ᠠ ᠶᠢᠨ 26᠎ ᠤ ᠡᠳᠦᠷ᠂ ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠡ ᠶᠢᠨ ᠲᠠᠷᠢᠶᠠᠯᠠᠬᠤ ᠮᠠᠯᠵᠢᠬᠤ ᠣᠷᠣᠨ ᠤ ᠠᠵᠢᠯ ᠤᠨ ᠠᠯᠪᠠᠨ ᠭᠡᠷ᠂ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠤᠯᠠᠭᠠᠨᠬᠠᠳᠠ ᠶᠢᠨ ᠨᠡᠷᠡᠲᠦ ᠲᠡᠮᠳᠡᠭ ᠤᠨ ᠪᠠᠶᠢᠭᠤᠯᠤᠯᠲᠠ ᠶᠢ ᠠᠬᠢᠭᠤᠯᠬᠤ ᠨᠡᠶᠢᠭᠡᠮᠯᠢᠭ ᠵᠡᠷᠭᠡ 12 ᠰᠠᠯᠠᠭ᠎ᠠ ᠮᠥᠴᠢᠷ ᠨᠢᠭᠡᠴᠡ᠂ ᠨᠡᠶᠢᠭᠡᠮᠯᠢᠭ ᠬᠠᠮᠲᠤᠷᠠᠨ ᠡᠷᠬᠢᠯᠡᠭᠰᠡᠨ ᠤᠯᠠᠭᠠᠨᠬᠠᠳᠠ ᠬᠤᠲᠠ ᠶᠢᠨ ᠲᠠᠷᠢᠶᠠᠯᠠᠩ ᠤᠨ ᠠᠰᠢᠭ ᠰᠢᠮ᠎ᠡ ᠶᠢᠨ ᠪᠦᠳᠦᠭᠡᠭᠳᠡᠬᠦᠨ ᠤ ᠤᠬᠠᠭᠤᠯᠤᠨ ᠲᠠᠨᠢᠯᠴᠠᠭᠤᠯᠤᠭᠴᠢ ᠶᠢ ᠰᠢᠯᠢᠨ ᠰᠣᠩᠭᠤᠬᠤ ᠤᠷᠤᠯᠳᠤᠭᠠᠨ ᠤ ᠰᠢᠢᠳᠪᠦᠷᠢᠲᠦ ᠤᠷᠤᠯᠳᠤᠭᠠᠨ ᠲᠡᠭᠦᠰ ᠠᠮᠵᠢᠯᠲᠠ ᠲᠠᠢ ᠲᠡᠭᠦᠰᠪᠡ᠃      ᠮᠠᠨ ᠤ ᠬᠤᠰᠢᠭᠤᠨ ᠤ ᠤᠷᠤᠯᠳᠤᠭᠠᠨ ᠳᠤ ᠤᠷᠤᠯᠴᠠᠭᠴᠢ ᠸᠠᠩ ᠿᠠᠨ᠂ ᠼᠠᠢ ᠶᠦᠨ ᠹᠧᠢ᠂ ᠰᠦᠢ ᠶᠠ ᠯᠢ᠂ ᠼᠦᠢ ᠶᠠ ᠰᠢᠤᠸᠠᠨ᠂ ᠪᠠᠢ ᠱᠦ ᠢᠦᠢ᠂ ᠯᠢᠦᠢ ᠽᠢ ᠸᠧᠢ᠂ ᠤᠷᠢᠬᠠᠨ ᠨᠢ ᠪᠦᠬᠦ ᠬᠤᠳᠠ ᠶᠢᠨ ᠡᠯ᠎ᠡ ᠬᠤᠰᠢᠭᠤ ᠰᠢᠶᠠᠨ ᠲᠤᠭᠤᠷᠢᠭ ᠤᠨ 126 ᠨᠡᠷ᠎ᠠ ᠰᠢᠯᠢᠳᠡᠭ ᠤᠷᠤᠯᠴᠠᠭᠴᠢ ᠶᠢᠨ ᠳᠣᠲᠣᠷ᠎ᠠ ᠠᠴᠠ ᠴᠤᠯᠭᠤᠷᠠᠨ ᠭᠠᠷᠴᠤ᠂ ︽ᠤᠯᠠᠭᠠᠨᠬᠠᠳᠠ ᠬᠤᠳᠠ ᠶᠢᠨ ᠲᠠᠷᠢᠶᠠᠯᠠᠩ ᠤᠨ ᠠᠰᠢᠭ ᠰᠢᠮ᠎ᠡ ᠶᠢᠨ ᠪᠦᠳᠦᠭᠡᠭᠳᠡᠬᠦᠨ ᠤ ᠤᠬᠠᠭᠤᠯᠤᠨ ᠲᠠᠨᠢᠯᠴᠠᠭᠤᠯᠤᠭᠴᠢ︾᠎ ᠶᠢᠨ ᠴᠤᠯᠠ ᠶᠢ ᠬᠦᠷᠳᠡᠵᠦ᠂ ᠡᠬᠦᠨ ᠳᠤ ᠳᠠᠷᠬᠠᠨ ᠵᠡᠭᠡᠯᠢ ᠭᠤᠳᠤᠮᠵᠢ ᠶᠢᠨ ᠸᠠᠩ ᠿᠠᠨ᠂ ᠵᠢᠷᠭᠠᠯ ᠤᠨ ᠵᠠᠮ ᠰᠤᠮᠤ ᠶᠢᠨ ᠼᠠᠢ ᠶᠦᠨ ᠹᠧᠢ᠂ ᠰᠦᠢ ᠶᠤᠸᠠᠨ ᠵᠠᠩ ᠰᠤᠶᠤᠯ ᠵᠠᠭᠤᠴᠢᠯᠠᠭᠤᠷ ᠤᠨ ᠬᠢᠵᠠᠭᠠᠷᠳᠤ ᠺᠤᠮᠫᠠᠨᠢ ᠶᠢᠨ ᠰᠦᠢ ᠶᠠ ᠯᠢ ᠭᠤᠷᠪᠠᠳᠤᠭᠠᠷ ᠲᠡᠰ ᠤᠨ ᠱᠠᠩᠨᠠᠯ ᠬᠦᠷᠳᠡᠪᠡ᠃ ᠲᠠᠳᠠ ︽ᠲᠠᠷᠢᠶᠠᠯᠠᠩ ᠤᠨ ᠠᠰᠢᠭ ᠰᠢᠮ᠎ᠡ ᠶᠢᠨ ᠪᠦᠳᠦᠭᠡᠭᠳᠡᠬᠦᠨ ᠤ ᠤᠬᠠᠭᠤᠯᠤᠨ ᠲᠠᠨᠢᠯᠴᠠᠭᠤᠯᠤᠭᠴᠢ︾᠎ ᠶᠢᠨ ᠬᠤᠪᠢ ᠪᠠᠷ ᠮᠠᠨ ᠤ ᠬᠤᠰᠢᠭᠤᠨ ᠤ ᠤᠳᠤᠬᠢᠴᠢᠯᠠᠭᠰᠠᠨ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠨᠡᠷ᠎ᠠ ᠬᠦᠨᠳᠦ ᠢ ᠣᠯᠵᠤ᠂ ᠪᠣᠬᠢᠷᠲᠤᠯ ᠥᠬᠡᠶ ᠴᠢᠨᠠᠷ ᠰᠠᠶᠢᠲᠠᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠡᠷᠡᠭᠯᠡᠭᠡᠨ ᠤ ᠵᠠᠬ᠎ᠠ ᠳᠡᠯᠭᠡᠭᠦᠷ ᠢ ᠥᠷᠭᠡᠳᠬᠡᠨ᠂ ᠮᠠᠨ ᠤ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠰᠢᠯᠢᠳᠡᠭ ᠪᠦᠲᠦᠭᠡᠭᠳᠡᠬᠦᠨ ᠢ ᠲᠦᠭ ᠲᠦᠮᠡᠨ ᠠᠶᠢᠯ ᠡᠷᠦᠬᠡ ᠳᠤ ᠬᠦᠷᠭᠡᠵᠦ ᠂ ᠪᠦᠬᠦ ᠤᠯᠤᠰ ᠤᠨ ᠡᠯ᠎ᠡ ᠭᠠᠵᠠᠷ ᠲᠤ ᠠᠯᠳᠠᠷᠰᠢᠭᠤᠯᠤᠨ᠎ᠠ᠃     ︽ᠤᠯᠠᠭᠠᠨᠬᠠᠳᠠ ᠬᠤᠲᠠ ᠶᠢᠨ ᠲᠠᠷᠢᠶᠠᠯᠠᠩ ᠤᠨ ᠠᠰᠢᠭ ᠰᠢᠮ᠎ᠡ ᠶᠢᠨ ᠪᠦᠳᠦᠭᠡᠭᠳᠡᠬᠦᠨ ᠤ ᠤᠬᠠᠭᠤᠯᠤᠨ ᠲᠠᠨᠢᠯᠴᠠᠭᠤᠯᠤᠭᠴᠢ︾᠎ ᠢ ᠰᠢᠯᠢᠨ ᠰᠣᠩᠭᠤᠬᠤ ᠠᠵᠢᠯᠯᠠᠭᠠᠨ ᠨᠢ ᠨᠢᠭᠡ ᠪᠦᠯᠦᠭ ᠰᠢᠯᠢᠳᠡᠭ ᠲᠠᠨᠢᠯᠴᠠᠭᠤᠯᠬᠤ ᠴᠢᠳᠠᠪᠤᠷᠢ ᠲᠠᠢ᠂ ᠤᠯᠠᠭᠠᠨᠬᠠᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠦᠯᠢᠭᠡᠷ ᠢ ᠰᠠᠶᠢᠬᠠᠨ ᠶᠠᠷᠢᠬᠤ᠂ ᠤᠯᠠᠭᠠᠨᠬᠠᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠷᠢᠳᠢ ᠰᠢᠳᠢ ᠶᠢ ᠤᠯᠠᠮᠵᠢᠯᠠᠵᠤ ᠴᠢᠳᠠᠬᠤ ᠴᠢᠳᠠᠪᠤᠶᠢᠳᠠᠨ ᠢ ᠰᠤᠩᠭᠤᠨ ᠭᠠᠷᠭᠠᠭᠰᠠᠨ ᠢᠶᠠᠷ ᠪᠠᠷᠠᠬᠤ ᠦᠭᠡᠢ᠂ ᠪᠠᠰᠠ ᠤᠯᠠᠭᠠᠨᠬᠠᠳᠠ ᠬᠤᠲᠠ ᠶᠢᠨ ᠡᠯᠪᠡᠭ ᠪᠠᠶᠠᠯᠢᠭ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠡᠬᠢ ᠪᠠᠶᠠᠯᠢᠭ᠂ ᠬᠥᠳᠡᠭᠡ ᠲᠣᠰᠬᠤᠨ ᠤ ᠭᠤᠶᠤ ᠦᠵᠡᠮᠵᠢ ᠵᠢᠴᠢ ᠣᠨᠴᠠᠯᠢᠭᠲᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠢ ᠨᠡᠩ ᠣᠯᠠᠨ ᠤᠬᠠᠭᠤᠯᠵᠤ᠂ ᠤᠯᠠᠭᠠᠨᠬᠠᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠪᠦᠬᠦ ᠤᠯᠤᠰ ᠲᠠᠬᠢ ᠠᠯᠳᠠᠷᠰᠢᠯ ᠪᠠ ᠢᠷᠠᠭᠤ ᠠᠯᠳᠠᠷ ᠤᠨ ᠬᠡᠮᠵᠢᠶ᠎ᠡ ᠶᠢ ᠳᠡᠭᠡᠭᠰᠢᠯᠡᠭᠦᠯᠬᠦ ᠶᠢᠨ ᠬᠠᠮᠲᠤ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠢᠯ ᠡᠷᠬᠢᠯᠡᠭᠰᠡᠳ ᠤᠨ ᠬᠤᠭᠤᠷᠣᠨᠳᠣᠬᠢ ᠰᠣᠯᠢᠯᠴᠠᠭᠠᠨ ᠤ ᠦᠵᠡᠭᠦᠯᠭᠡ ᠶᠢᠨ ᠲᠠᠪᠴᠠᠩ ᠢ ᠪᠠᠶᠢᠭᠤᠯᠵᠤ᠂ ᠤᠯᠠᠭᠠᠨᠬᠠᠳᠠ ᠶᠢᠨ ᠴᠢᠨᠠᠷ ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠳᠡᠯᠭᠡᠷᠡᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠭᠰᠡᠨ ᠪᠠᠶᠢᠨ᠎ᠠ᠃     ᠲᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤ ᠲᠣᠰ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠴᠢᠨᠠᠷ ᠰᠠᠶᠢᠲᠠᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠤᠬᠠᠭᠤᠯᠤᠨ ᠳᠡᠯᠭᠡᠷᠡᠭᠦᠯᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠨᠠᠷᠠᠲᠤ ᠲᠡᠮᠳᠡᠭᠲᠦ ᠶᠢᠨ ᠨᠥᠯᠥᠭᠡᠯᠡᠬᠦ ᠬᠦᠴᠦᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠂ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠮᠠᠯᠴᠢᠨ ᠲᠠᠷᠢᠶᠠᠴᠢᠨ ᠢ ᠥᠷᠭᠡᠨ ᠢᠶᠠᠷ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠤᠨ᠎ᠠ᠃
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ