ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠬᠡᠮᠯᠢᠭ 2025 ᠣᠨ ᠤ ᠪᠥᠬᠦ ᠬᠤᠰᠢᠭᠤᠨ ᠤ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2025/7/1
     ᠪᠥᠬᠦ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠡᠩᠨᠡᠭᠡ ᠶᠢᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠦᠢᠯᠡᠴᠢᠯᠡᠭᠡᠨ ᠤ ᠴᠢᠳᠠᠪᠤᠷᠢ ᠪᠠ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠦᠢᠯᠡᠴᠢᠯᠡᠭᠡᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠴᠢᠩᠭᠠᠳᠬᠠᠵᠤ᠂ ᠦᠨᠳᠦᠰᠦᠨ ᠱᠠᠲᠤᠨ ᠤ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠠᠵᠢᠯ ᠤᠨ ᠰᠠᠭᠤᠷᠢ ᠶᠢ ᠪᠠᠲᠤᠳᠬᠠᠨ᠂ ᠰᠤᠮᠤ ᠪᠠᠯᠭᠠᠰᠤ ᠵᠡᠭᠡᠯᠢ ᠭᠤᠳᠤᠮᠵᠢ ᠵᠢᠴᠢ ᠨᠡᠶᠢᠭᠡᠮ ᠲᠣᠭᠤᠷᠢᠭ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠶᠡᠷᠦᠩᠬᠡᠶᠢᠯᠡᠭᠰᠡᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ 6 ᠰᠠᠷ᠎ᠠ ᠶᠢᠨ 27᠎ ᠤ ᠡᠳᠦᠷ᠂ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ 2025 ᠣᠨ ᠤ ᠪᠥᠬᠦ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠡᠷᠭᠢᠯᠡᠵᠦ᠂ ᠡᠯ᠎ᠡ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠲᠤᠰᠠᠯᠠᠭᠴᠢ ᠵᠢᠴᠢ ᠡᠯ᠎ᠡ ᠨᠡᠶᠢᠭᠡᠮ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠮᠡᠳᠡᠭᠡ ᠵᠠᠩᠭᠢᠴᠢ ᠨᠡᠶᠢᠲᠡ 50 ᠬᠥᠮᠦᠨ ᠣᠷᠣᠯᠴᠠᠵᠠᠶ᠃    ᠳ᠋ᠠᠪᠠᠨ ᠮᠣᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠪᠠᠭᠰᠢ ︽ᠵᠣᠬᠢᠶᠠᠮᠠᠯ ᠣᠶᠤᠨᠴᠢ ᠰᠣᠯᠢᠯᠴᠠᠭᠠᠨ — ᠰᠠᠯᠬᠢᠨ ᠤ ᠠᠮᠠ— ᠰᠠᠯᠬᠢᠨ ᠤ ᠴᠢᠭᠯᠡᠯ— ᠠᠶᠤᠯ ᠲᠦᠭᠰᠢᠭᠦᠷᠢ ᠶᠢᠨ ᠲᠤᠬᠠᠢ︾ ᠭᠤᠷᠪᠠᠨ ᠲᠠᠯ᠎ᠠ ᠪᠠᠷ ᠣᠳᠣᠬᠠᠨ ᠤ AI ᠬᠥᠭᠵᠢᠯᠲᠡ ᠶᠢᠨ ᠪᠠᠶᠢᠳᠠᠯ ᠢ ᠲᠠᠶᠢᠯᠪᠤᠷᠢᠯᠠᠵᠤ᠂ ᠶᠡᠭᠡ ᠬᠡᠮᠵᠢᠶᠡᠨ ᠤ ᠪᠣᠳᠠᠲᠤ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ AI ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯ ᠤᠨ ᠳᠤᠮᠳᠠᠬᠢ ᠣᠯᠠᠨ ᠵᠦᠢᠯ ᠤᠨ ᠬᠡᠷᠡᠭᠯᠡᠭᠡᠨ ᠤ ᠪᠠᠶᠢᠳᠠᠯ ᠢ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠪᠤᠷᠢᠯᠠᠪᠠ᠃ ᠳᠠᠷᠠᠭ᠎ᠠ ᠨᠢ᠂ ︽ᠳ᠋ᠧᠦ ᠪᠤᠥ︾᠂ ︽deepseek︾᠂ ︽ᠵᠢᠢ ᠮᠧᠩ︾ ᠵᠡᠷᠭᠡ ᠦᠷᠭᠦᠯᠵᠢ ᠲᠣᠬᠢᠶᠠᠯᠳᠤᠳᠠᠭ AI ᠪᠠᠭᠠᠵᠢ ᠶᠢ ᠲᠣᠰ ᠲᠣᠰ ᠬᠡᠷᠡᠭᠯᠡᠵᠦ᠂ ᠫᠷᠤᠹᠧᠰᠰᠤᠷ ᠰᠤᠷᠤᠭᠴᠢᠳ ᠠᠴᠠ AI ᠵᠥᠭᠡᠯᠡᠨ ᠲᠣᠨᠤᠭ ᠢ ᠠᠰᠢᠭᠯᠠᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠣᠬᠢᠶᠠᠯ ᠪᠦᠲᠦᠭᠡᠯ ᠢ ᠲᠦᠷᠭᠡᠨ ᠪᠣᠶ ᠪᠣᠯᠭᠠᠵᠤ᠂ ᠠᠮᠢᠳᠤᠯᠢᠭ ᠪᠥᠭᠡᠳ ᠰᠣᠨᠢᠷᠬᠠᠯᠲᠠᠶ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠣᠬᠤᠷ ᠸᠢᠳᠢᠣ᠋ ᠶᠢ ᠵᠣᠬᠢᠶᠠᠵᠤ᠂ ᠰᠢᠨᠵᠢᠯᠡᠬᠦ ᠤᠬᠠᠭᠠᠨ ᠤ ᠮᠡᠳᠡᠯᠭᠡ ᠶᠢ ᠨᠠᠩ ᠰᠣᠨᠢᠷᠬᠠᠯᠲᠠᠶ ᠠᠷᠭ᠎ᠠ ᠮᠠᠶ᠋ᠢᠭ ᠢᠶᠠᠷ ᠣᠯᠠᠨ ᠲᠦᠮᠡᠨ ᠤ ᠬᠠᠷᠠᠭᠠᠨ ᠳᠤ ᠬᠦᠷᠭᠡᠪᠡ᠃      ᠬᠤᠲᠠ ᠶᠢᠨ ᠨᠠᠮ ᠤᠨ ᠬᠤᠷᠢᠶ᠎ᠡ ᠶᠢᠨ ᠨᠠᠮ ᠤᠨ ᠰᠤᠷᠭᠠᠭᠤᠯᠢ ᠶᠢᠨ ᠪᠠᠭᠰᠢ ︽ᠳᠠᠷᠤᠯᠲᠠ ᠶᠢᠨ ᠬᠠᠮᠢᠶᠠᠷᠤᠯᠲᠠ ᠪᠠ ᠰᠡᠳᠬᠢᠴᠡ ᠶᠢᠨ ᠡᠷᠡᠭᠦᠯ ᠮᠡᠨᠳᠦ︾᠎ ᠪᠠᠷ ᠭᠤᠤᠯ ᠰᠡᠳᠦᠪ ᠪᠣᠯᠭᠠᠵᠤ᠂ ︽ᠳᠠᠷᠤᠯᠲᠠ ᠪᠠ ᠳᠠᠷᠤᠯᠲᠠ ᠶᠢᠨ ᠢᠷᠡᠯᠲᠡ︾᠂ ︽ᠳᠠᠷᠤᠯᠲᠠ ᠶᠢ ᠲᠥᠷᠥᠯ ᠬᠤᠪᠢᠶᠠᠬᠤ︾᠂ ︽ᠳᠠᠷᠤᠯᠲᠠ ᠶᠢᠨ ᠬᠠᠮᠢᠶᠠᠷᠤᠯᠲᠠ ᠶᠢᠨ ᠠᠷᠭ᠎ᠠ︾ ᠵᠡᠷᠭᠡ ᠳᠥᠷᠪᠡᠨ ᠲᠠᠯ᠎ᠠ ᠶᠢᠨ ᠲᠣᠭᠤᠷᠢᠨ ᠳᠤ᠂ ᠪᠥᠬᠦ ᠰᠤᠷᠤᠭᠴᠢᠳ ᠲᠤ ᠰᠡᠳᠬᠢᠴᠡ ᠶᠢᠨ ᠵᠦᠶ ᠶᠢᠨ ᠮᠡᠳᠡᠯᠭᠡ ᠶᠢ ᠲᠥᠭᠡᠮᠡᠯᠵᠢᠭᠦᠯᠵᠦ᠂ ᠰᠡᠳᠬᠢᠯ ᠰᠠᠨᠠᠭ᠎ᠠ ᠪᠠᠨ ᠬᠡᠷᠬᠢᠨ ᠪᠦᠲᠦᠮᠵᠢᠲᠡᠶ ᠲᠠᠶᠢᠳᠬᠤᠷᠠᠭᠤᠯᠵᠤ᠂ ᠳᠠᠷᠤᠯᠲᠠ ᠶᠢ ᠨᠠᠮᠳᠠᠭᠠᠨ᠂ ᠰᠤᠷᠤᠭᠴᠢᠳ ᠢ ᠳᠣᠲᠣᠭᠠᠳᠤ ᠰᠡᠳᠬᠢᠯ ᠤᠨ ᠬᠦᠴᠦᠨ ᠢᠶᠠᠷ ᠥᠪᠡᠷ ᠤᠨ ᠳᠠᠷᠤᠯᠲᠠ ᠪᠠᠨ ᠲᠠᠶᠢᠯᠬᠤ ᠶᠢ ᠬᠦᠳᠦᠯᠦᠨ ᠵᠢᠯᠤᠭᠤᠳᠴᠤ᠂ ᠳᠥᠭᠦᠮ ᠣᠶᠢᠯᠠᠭᠠᠮᠵᠢᠲᠠᠶ ᠠᠷᠭ᠎ᠠ ᠮᠠᠶ᠋ᠢᠭ ᠢᠶᠠᠷ ᠳᠠᠮᠵᠢᠭᠤᠯᠤᠨ ᠳᠣᠲᠣᠭᠠᠳᠤ ᠰᠡᠳᠬᠢᠯ ᠤᠨ ᠳᠠᠷᠤᠯᠲᠠ ᠪᠠᠨ ᠨᠠᠮᠳᠠᠭᠤᠯᠵᠤ᠂ ᠰᠡᠳᠬᠢᠴᠡ ᠶᠢᠨ ᠡᠷᠡᠭᠦᠯ ᠮᠡᠨᠳᠦ ᠶᠢᠨ ᠮᠡᠳᠡᠯᠭᠡ ᠶᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯ ᠳᠤ ᠠᠭᠤᠰᠤᠯᠴᠠᠭᠤᠯᠵᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠦᠢᠯᠡᠰ ᠢ ︽ᠰᠡᠳᠬᠢᠯ︾ ᠪᠠ ︽ᠤᠶᠤᠨ︾᠎ ᠤ ᠲᠤᠮᠳᠡ ᠬᠠᠮᠲᠤ ᠪᠠᠷ ᠰᠢᠨ᠎ᠡ ᠠᠮᠢᠵᠢᠷᠠᠯ ᠤᠨ ᠬᠦᠴᠦᠨ ᠲᠠᠢ ᠪᠤᠯᠭᠠᠨ᠎ᠠ᠃     ᠪᠣᠯᠪᠠᠰᠤᠷᠠᠯ ᠳᠤᠮᠳᠠ᠂ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠤᠬᠠᠭᠤᠯᠭ᠎ᠠ ᠶᠢᠨ ᠰᠤᠳᠤᠯᠬᠤ ᠬᠡᠯᠲᠡᠰ ᠤᠨ ᠪᠠᠭᠰᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠬᠠᠤᠯᠢ︾᠎ ᠳᠠᠬᠢ ᠬᠠᠤᠯᠢ ᠲᠣᠭᠲᠠᠭᠠᠭᠰᠠᠨ ᠠᠬᠤᠶ ᠪᠠᠶᠢᠳᠠᠯ᠂ ᠴᠢᠬᠤᠯᠠ ᠠᠴᠢ ᠬᠤᠯᠪᠣᠭᠳᠠᠯ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ᠠᠭᠤᠯᠭ᠎ᠠ ᠶᠢᠨ ᠬᠠᠷᠢᠴᠠᠭᠤᠯᠤᠯ᠂ ᠦᠨᠳᠦᠰᠦᠨ ᠱᠠᠲᠤᠨ ᠤ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠡᠭᠦᠷᠭᠡ ᠬᠠᠷᠢᠭᠤᠴᠠᠯᠭ᠎ᠠ ᠵᠡᠷᠭᠡ ᠠᠭᠤᠯᠭ᠎ᠠ ᠶᠢᠨ ᠲᠣᠭᠤᠷᠢᠨ ᠳᠤ ᠪᠥᠬᠦ ᠲᠠᠯ᠎ᠠ ᠶᠢᠨ ᠪᠥᠭᠡᠳ ᠨᠠᠷᠢᠨ ᠨᠢᠮᠪᠠᠶ ᠲᠠᠶᠢᠯᠤᠮᠵᠢ ᠬᠢᠪᠠ᠃ ᠦᠨᠳᠦᠰᠦᠨ ᠱᠠᠲᠤᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠭᠡ ᠵᠠᠩᠭᠢᠴᠢᠳ ᠤᠨ ᠠᠵᠢᠯ ᠤᠨ ᠳᠤᠮᠳᠠᠬᠢ ᠡᠷᠬᠡ ᠪᠠ ᠡᠭᠦᠷᠭᠡ ᠶᠢ ᠨᠠᠷᠢᠨ ᠲᠣᠳᠣᠷᠬᠠᠶ ᠥᠭᠦᠯᠡᠪᠡ᠃ ᠰᠤᠷᠤᠯᠴᠠᠬᠤ ᠪᠠᠷ ᠳᠠᠮᠵᠢᠨ᠂ ᠰᠤᠷᠤᠭᠴᠢᠳ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠬᠠᠤᠯᠢ︾᠎ ᠶᠢᠨ ᠲᠤᠬᠠᠶ ᠨᠠᠩ ᠭᠦᠨᠵᠡᠭᠡᠶ ᠣᠶᠢᠯᠠᠭᠠᠯᠲᠠ ᠲᠠᠢ ᠪᠣᠯᠵᠤ᠂ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠠᠵᠢᠯ ᠤᠨ ᠬᠠᠤᠯᠢ ᠴᠠᠭᠠᠵᠠ ᠶᠢᠨ ᠵᠢᠷᠤᠮᠵᠢᠯ ᠪᠠ ᠱᠠᠭᠠᠷᠳᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠠᠵᠢᠯ ᠢ ᠬᠠᠤᠯᠢ ᠶᠣᠰᠣᠭᠠᠷ ᠥᠷᠨᠢᠭᠦᠯᠬᠦ ᠤᠬᠠᠮᠰᠠᠷ ᠪᠠ ᠴᠢᠳᠠᠪᠤᠷᠢ ᠪᠠᠨ ᠴᠢᠩᠭᠠᠳᠬᠠᠪᠠ᠃     ᠤᠯᠠᠭᠠᠨᠬᠠᠳᠠ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠨᠡᠶᠢᠭᠡᠮᠯᠢᠭ ᠤᠨ ᠪᠠᠴᠢᠮ ᠪᠠᠶᠢᠳᠠᠯ ᠢ ᠠᠷᠭᠠᠴᠠᠭᠠᠬᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠷᠭᠠᠭᠴᠢ ᠠᠴᠠ ᠰᠤᠷᠤᠭᠴᠢᠳ ᠲᠤ ᠭᠠᠯ ᠤᠨ ᠠᠶᠤᠯ ᠢ ᠰᠡᠷᠭᠡᠶᠢᠯᠡᠬᠦ᠂ ᠭᠠᠯ ᠤᠨ ᠲᠠᠯᠠᠪᠤᠷ ᠠᠴᠠ ᠠᠮᠢ ᠵᠢᠭᠤᠲᠠᠬᠤ ᠵᠡᠷᠭᠡ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠵᠡᠶ᠃ ᠪᠣᠳᠠᠲᠠᠶ ᠰᠤᠷᠢᠯᠳᠠ ᠶᠢᠨ ᠬᠤᠭᠤᠴᠠᠭᠠᠨ ᠳᠤ᠂ ᠰᠤᠷᠤᠭᠴᠢᠳ ᠰᠤᠷᠭᠠᠭᠤᠯᠢ ᠶᠢᠨ ᠪᠠᠭᠰᠢ ᠰᠤᠷᠤᠭᠴᠢᠳ ᠲᠠᠢ ᠬᠠᠮᠲᠤ ᠲᠤᠰᠬᠠᠶ ᠮᠡᠷᠭᠡᠵᠢᠯ ᠤᠨ ᠠᠵᠢᠯᠲᠠᠨ ᠤ ᠵᠢᠯᠣᠭᠤᠳᠣᠯᠭ᠎ᠠ ᠳᠣᠤᠷ᠎ᠠ᠂ ᠭᠠᠯ ᠤᠨᠲᠠᠷᠠᠭᠠᠭᠤᠷ ᠤᠨ ᠬᠡᠷᠡᠭᠯᠡᠯᠲᠡ᠂ ᠠᠮᠢ ᠵᠢᠭᠤᠲᠠᠬᠤ ᠣᠶᠢᠯᠠᠭᠠᠯᠲᠠ ᠵᠡᠷᠭᠡ ᠠᠵᠢᠯᠯᠠᠭ᠎ᠠ ᠶᠢ ᠪᠡᠶᠡᠴᠢᠯᠡᠨ ᠣᠶᠢᠯᠠᠭᠠᠵᠤ᠂ ᠭᠠᠯ ᠤᠨᠲᠠᠷᠠᠭᠠᠬᠤ ᠦᠨᠳᠦᠰᠦᠨ ᠤᠷ᠎ᠠ ᠴᠢᠳᠠᠪᠤᠷᠢ ᠶᠢ ᠡᠵᠡᠮᠰᠢᠨ ᠬᠤᠶᠢᠰᠢᠳᠠ ᠶᠢᠨ ᠦᠨᠳᠦᠰᠦᠨ ᠱᠠᠲᠤᠨ ᠳᠤ ᠭᠠᠯ ᠤᠨᠲᠠᠷᠠᠭᠠᠬᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯ ᠢ ᠥᠷᠨᠢᠭᠦᠯᠬᠦ ᠳᠤ ︽ᠪᠣᠳᠠᠲᠤ ᠪᠠᠶᠢᠯᠳᠤᠭᠠᠨ ᠤ ᠲᠤᠷᠰᠢᠯᠭ᠎ᠠ︾᠎ ᠶᠢ ᠬᠤᠷᠠᠮᠳᠤᠭᠤᠯᠤᠭᠰᠠᠨ ᠪᠠᠶᠢᠨ᠎ᠠ᠃     ᠲᠣᠰ ᠤᠳᠠᠭᠠᠨ ᠤ ᠪᠣᠯᠪᠠᠰᠤᠷᠠᠯ ᠪᠣᠯ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ︽ᠦᠨᠳᠦᠰᠦᠨ ᠱᠠᠲᠤᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠴᠢᠳᠠᠪᠤᠷᠢ ᠶᠢ ᠳᠡᠭᠡᠭᠰᠢᠯᠡᠭᠦᠯᠬᠦ ᠲᠥᠯᠥᠪᠯᠡᠭᠡ︾᠎ ᠶᠢᠨ ᠴᠢᠬᠤᠯᠠ ᠨᠢᠭᠡ ᠭᠤᠭᠴᠤᠭ᠎ᠠ ᠪᠣᠯᠤᠨ᠎ᠠ᠃ ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠦᠷᠭᠦᠯᠵᠢᠯᠡᠨ ᠰᠤᠮᠤ ᠪᠠᠯᠭᠠᠰᠤ᠂ ᠨᠡᠶᠢᠭᠡᠮ ᠲᠣᠭᠤᠷᠢᠭ ᠵᠡᠷᠭᠡ ᠦᠨᠳᠦᠰᠦᠨ ᠱᠠᠲᠤᠨ ᠤ ᠵᠢᠭᠰᠠᠭᠠᠯ ᠤᠨ ᠭᠠᠵᠠᠷ ᠲᠤ ᠲᠥᠪᠯᠡᠷᠡᠭᠦᠯᠵᠦ᠂ ︽ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ︾ ᠪᠣᠯᠪᠠᠰᠤᠷᠠᠭᠤᠯᠤᠯ᠂ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠡᠬᠢ ᠪᠠᠶᠠᠯᠢᠭ ᠢ ᠳᠣᠷᠣᠭᠰᠢ ᠪᠠᠭᠤᠯᠭᠠᠬᠤ᠂ ᠪᠣᠳᠠᠲᠤ ᠪᠠᠶᠢᠯᠳᠤᠭᠠᠨ ᠤ ᠬᠡᠷᠡᠭ ᠤᠨ ᠵᠢᠱᠢᠶ᠎ᠡ ᠶᠢ ᠬᠤᠪᠢᠶᠠᠯᠴᠠᠬᠤ ᠵᠡᠷᠭᠡ ᠬᠡᠯᠪᠡᠷᠢ ᠪᠠᠷ ᠳᠠᠮᠵᠢᠭᠤᠯᠤᠨ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠶᠢ ᠠᠬᠢᠭᠤᠯᠤᠨ᠎ᠠ᠃   
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ