| | | ᠠᠯᠲᠠᠨ ᠨᠠᠷᠠᠨ ᠤ ᠢᠪᠡᠭᠡᠯ ᠲᠠᠢ ᠡᠬᠡ ᠣᠷᠣᠨ | ᠠᠭᠤᠤ ᠨᠠᠮ ᠤᠨ ᠡᠨᠡᠷᠢᠯ ᠲᠠᠢ ᠠᠷᠠᠳ ᠣᠯᠠᠨ᠂ | ᠲᠡᠷᠭᠡᠯ ᠰᠠᠷᠠᠨ ᠤ ᠲᠤᠶᠠᠭᠠᠯᠠᠯ ᠲᠠᠢ ᠳᠠᠷᠬᠠᠨ ᠬᠢᠯᠢ | ᠲᠦᠮᠡᠨ ᠢᠷᠭᠡᠳ ᠨᠢᠭᠲᠠᠷᠠᠯ ᠲᠠᠢ ᠪᠠᠭᠠᠷᠢᠨ ᠨᠤᠲᠤᠭ᠃ | | | | | ᠳᠤᠮᠳᠠᠳᠤ ᠤᠯᠤᠰ ᠤᠨ ᠡᠪ ᠬᠠᠮᠲᠤ ᠨᠠᠮ ᠮᠡᠨᠳᠦᠯᠡᠭᠰᠡᠨ ︽7 · 1︾ ᠶᠢᠨ ᠳᠤᠷᠠᠰᠬᠠᠯ ᠤᠨ ᠡᠳᠦᠷ ᠬᠦᠷᠴᠦ ᠲᠠᠰᠢᠷᠠᠮ ᠢᠶᠠᠷ᠂ ᠤᠯᠠᠭᠠᠨᠬᠠᠳᠠ ᠬᠤᠲᠠ ᠶᠢᠨ | ᠪᠠᠭᠠᠷᠢᠨ ᠪᠠᠷᠠᠭᠤᠨ ᠬᠤᠰᠢᠭᠤᠨ ᠤ ᠨᠠᠰᠤᠲᠠᠶᠢᠴᠤᠳ ᠤᠨ ᠤᠷᠠᠨ ᠪᠢᠴᠢᠯᠭᠡ ᠤᠷᠠᠨ ᠵᠢᠷᠤᠭ ᠤᠨ ᠨᠡᠶᠢᠭᠡᠮᠯᠢᠭ ᠨᠢ᠂ ᠠᠭᠤᠤ ᠶᠡᠭᠡ ᠨᠠᠮ ᠤᠨ ᠢᠶᠠᠨ 104 | ᠵᠢᠯ ᠣᠢ ᠶᠢ ᠪᠡᠯᠭᠡᠯᠡᠵᠦ᠂ ︽ᠤᠷᠠᠨ ᠦᠵᠦᠭ ᠢᠶᠠᠨ ᠮᠢᠷᠠᠯᠵᠠᠭᠤᠯᠵᠤ ᠠᠤᠭ᠎ᠠ ᠨᠠᠮ ᠢᠶᠠᠨ ᠮᠠᠭᠲᠠᠶ᠎ᠠ᠂ ᠦᠰᠦᠭ ᠵᠢᠷᠤᠭ ᠢᠶᠠᠨ ᠳᠡᠯᠭᠡᠵᠦ ᠤᠮᠠᠷᠠᠲᠤ ᠬᠢᠵᠠᠭᠠᠷ ᠢᠶᠠᠨ | ᠴᠢᠮᠡᠭᠯᠡᠶ᠎ᠡ︾ ᠭᠡᠬᠦ ᠭᠤᠣᠯ ᠰᠡᠳᠦᠪᠲᠦ ᠪᠥᠬᠦ ᠬᠤᠰᠢᠭᠤᠨ ᠤ ᠤᠷᠠᠨ ᠪᠢᠴᠢᠯᠭᠡ ᠤᠷᠠᠨ ᠵᠢᠷᠤᠭ ᠤᠨ ᠦᠵᠡᠰᠬᠦᠯᠡᠩ ᠡᠷᠬᠢᠯᠡᠪᠡ᠃ | | | | | | | | ᠨᠠᠷᠠ ᠬᠤᠷ᠎ᠠ ᠲᠡᠩᠴᠡᠭᠰᠡᠨ ᠨᠠᠯᠠᠭᠠᠷ ᠵᠢᠷᠭᠤᠭᠠᠨ ᠰᠠᠷ᠎ᠠ ᠶᠢᠨ ᠪᠠᠭᠠᠷᠢᠨ ᠨᠤᠲᠤᠭ ᠤᠨ ᠠᠭᠤᠯᠠ ᠲᠠᠯ᠎ᠠ ᠨᠢ ᠥᠪᠴᠢ ᠨᠣᠭᠤᠭᠠᠷᠠᠨ᠂ ᠭᠤᠣᠯ ᠭᠤᠷᠤᠬ᠎ᠠ | ᠭᠤᠷᠴᠢᠭᠢᠨᠠᠨ ᠤᠷᠤᠰᠴᠤ᠂ ᠵᠦᠢᠯ ᠤᠨ ᠰᠢᠪᠠᠭᠤᠳ ᠵᠢᠷᠭᠢᠨ ᠨᠢᠰᠴᠦ᠂ ᠲᠠᠪᠤᠨ ᠬᠤᠰᠢᠭᠤ ᠮᠠᠯ ᠨᠢ ᠥᠨᠢᠷ ᠥᠰᠦᠭᠡᠳ ᠬᠥᠮᠥᠨ ᠠᠷᠠᠳ ᠰᠡᠳᠬᠢᠯ ᠲᠡᠨᠢᠭᠦᠨ | ᠵᠤᠨᠵᠢᠭᠰᠠᠨ ᠴᠡᠴᠡᠭᠲᠦ ᠰᠠᠶᠢᠬᠠᠨ ᠤᠯᠠᠷᠢᠯ ᠢ ᠤᠭᠲᠤᠵᠠᠢ᠃ ᠲᠡᠮᠳᠡᠭᠯᠡᠵᠦ ᠳᠠᠭᠤᠯᠠᠭᠤᠰᠢᠲᠠᠢ ᠲᠤᠯᠤᠭᠠᠨ ᠰᠠᠷ᠎ᠠ ᠶᠢᠨ ᠨᠢᠭᠡᠨ ᠤ ᠳᠤᠮᠳᠠᠳᠤ ᠤᠯᠤᠰ ᠤᠨ ᠡᠪ ᠬᠠᠮᠲᠤ | ᠨᠠᠮ ᠮᠡᠨᠳᠦᠯᠡᠭᠰᠡᠨ104 ᠵᠢᠯ ᠤᠨ ᠣᠢ ᠶᠢ ᠤᠭᠲᠤᠵᠤ᠂ ᠪᠠᠭᠠᠷᠢᠨ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ | ᠵᠢᠯᠣᠭᠤᠳᠤᠯᠭ᠎ᠠ ᠪᠣᠯᠣᠨ ᠠᠬᠠᠮᠠᠳ ᠺᠠᠳ᠋ᠷᠴᠤᠳ ᠤᠨ ᠠᠵᠢᠯᠯᠠᠭᠠᠨ ᠤ ᠲᠥᠪ ᠤᠨ ᠬᠦᠴᠦᠲᠡᠢ ᠳᠡᠮᠵᠢᠯᠭᠡ ᠪᠠᠷ᠂ ᠪᠠᠭᠠᠷᠢᠨ ᠪᠠᠷᠠᠭᠤᠨ ᠬᠤᠰᠢᠭᠤᠨ ᠤ | ᠨᠠᠰᠤᠲᠠᠶᠢᠴᠤᠳ ᠤᠨ ᠤᠷᠠᠨ ᠪᠢᠴᠢᠯᠭᠡ ᠤᠷᠠᠨ ᠵᠢᠷᠤᠭ ᠤᠨ ᠨᠡᠶᠢᠭᠡᠮᠯᠢᠭ ᠨᠢ ᠥᠷᠭᠡᠨ ᠣᠯᠠᠨ ᠨᠡᠶᠢᠭᠡᠮᠯᠢᠭ ᠤᠨ ᠭᠡᠰᠢᠭᠦᠳ ᠢᠶᠠᠨ ᠵᠣᠬᠢᠶᠠᠨ ᠪᠠᠶᠢᠭᠤᠯᠤᠨ ᠨᠢᠮᠪᠠᠢ | ᠪᠡᠯᠡᠳᠬᠡᠵᠦ᠂ ᠨᠠᠰᠤᠨ ᠰᠡᠭᠦᠳᠡᠷ ᠨᠠᠶᠠ ᠶᠢ ᠳᠠᠪᠠᠭᠰᠠᠨ ᠡᠪᠦᠭᠡᠳ ᠬᠥᠭᠰᠢᠳ ᠬᠦᠷᠲᠡᠯ᠎ᠡ ᠢᠳᠡᠪᠬᠢᠯᠡᠨ ᠣᠷᠣᠯᠴᠠᠵᠤ᠂ ᠡᠪ ᠬᠠᠮᠲᠤ ᠨᠠᠮ ᠤᠨ ᠢᠶᠠᠨ ᠠᠴᠢ ᠶᠢ | ᠮᠠᠭᠲᠠᠨ᠂ ᠤᠮᠠᠷᠠᠲᠤ ᠬᠢᠵᠠᠭᠠᠷ ᠤᠨ ᠰᠣᠶᠣᠯ ᠢ ᠬᠠᠷᠠᠭᠤᠯᠤᠭᠰᠠᠨ ᠤᠷᠠᠨ ᠪᠢᠴᠢᠯᠭᠡ ᠤᠷᠠᠨ ᠵᠢᠷᠤᠭ ᠤᠨ ᠪᠦᠲᠦᠭᠡᠯ ᠤᠷᠠᠯᠠᠵᠤ ᠲᠤᠭᠤᠷᠪᠢᠨ᠂ ᠪᠢᠷ ᠪᠡᠬᠡᠰ ᠢᠶᠠᠷ | ᠰᠡᠳᠬᠢᠯᠭᠡ ᠪᠠᠨ ᠤᠶᠠᠩᠭᠠᠯᠠᠵᠤ᠂ ᠦᠰᠦᠭ ᠵᠢᠷᠤᠭ ᠢᠶᠠᠷ ᠨᠠᠮ ᠤᠨ ᠢᠶᠠᠨ ᠲᠦᠷᠦᠭᠰᠡᠨ ᠡᠳᠦᠷ ᠤᠨ ᠪᠠᠶᠠᠷ ᠲᠤ ᠨᠠᠨᠳᠢᠨ ᠪᠡᠯᠡᠭ ᠬᠦᠷᠭᠡᠪᠡ᠃ ᠲᠣᠰ ᠤᠳᠠᠭᠠᠨ ᠤ | ᠤᠷᠠᠨ ᠪᠢᠴᠢᠯᠭᠡ ᠤᠷᠠᠨ ᠵᠢᠷᠤᠭ ᠤᠨ ᠦᠵᠡᠰᠬᠦᠯᠡᠩ ᠳᠤ ᠨᠡᠶᠢᠲᠡ 77 ᠤᠷᠠᠨ ᠪᠢᠴᠢᠯᠭᠡ ᠤᠷᠠᠨ ᠵᠢᠷᠤᠭ ᠤᠨ ᠪᠦᠲᠦᠭᠡᠯ ᠢ ᠰᠢᠯᠢᠨ ᠰᠣᠩᠭᠤᠵᠤ ᠳᠡᠯᠭᠡᠨ | ᠦᠵᠡᠭᠦᠯᠵᠡᠢ᠃ ᠡᠭᠦᠨ ᠳᠤ᠂ ᠮᠣᠩᠭᠤᠯ ᠤᠷᠠᠨ ᠪᠢᠴᠢᠯᠭᠡ 8 ᠬᠤᠪᠢ᠂ ᠤᠷᠠᠨ ᠵᠢᠷᠤᠭ 10 ᠬᠤᠪᠢ᠂ ᠭᠤᠷ ᠰᠡᠶᠢᠯᠦᠮᠡᠯ 2 ᠬᠤᠪᠢ ᠪᠠᠭᠲᠠᠵᠤ ᠪᠣᠶ᠃ | ᠨᠠᠰᠤᠲᠠᠶᠢᠴᠤᠳ ᠤᠨ ᠤᠷᠠᠨ ᠪᠢᠴᠢᠯᠭᠡ ᠤᠷᠠᠨ ᠵᠢᠷᠤᠭ ᠤᠨ ᠨᠡᠶᠢᠭᠡᠮᠯᠢᠭ ᠤᠨ ᠭᠡᠰᠢᠭᠦᠳ ᠨᠠᠮ ᠳᠠᠭᠠᠨ ᠬᠡᠬᠦᠳᠡᠭ ᠳᠦᠭᠦᠷᠡᠩ ᠬᠠᠶᠢᠷ᠎ᠠ ᠢᠲᠡᠭᠡᠯ᠂ ᠣᠷᠭᠢᠯᠤᠮ᠎ᠠ | ᠬᠠᠯᠠᠭᠤᠨ ᠦᠨᠡᠨᠴᠢ ᠰᠢᠳᠤᠷᠭᠤ ᠪᠠᠶᠢᠬᠤ ᠪᠠᠨ ᠦᠵᠦᠭ ᠪᠢᠷ ᠲᠤ ᠪᠠᠨ ᠠᠭᠤᠰᠬᠠᠵᠤ᠂ ᠢᠳᠡᠷᠡᠭᠦᠨ ᠳᠣᠷᠪᠢᠲᠠᠢ ᠦᠭᠡ ᠦᠰᠦᠭ᠂ ᠥᠩᠭᠡ ᠢᠯᠭᠠᠷᠠᠮ᠎ᠠ ᠤᠷᠠᠨ | ᠵᠢᠷᠤᠭ ᠢᠶᠠᠷ ᠨᠠᠮ ᠤᠨ ᠢᠶᠠᠨ ᠠᠯᠳᠠᠷ ᠭᠠᠪᠢᠶ᠎ᠠ᠂ ᠡᠬᠡ ᠣᠷᠣᠨ ᠤ ᠪᠠᠨ ᠴᠡᠴᠡᠭᠯᠡᠨ ᠬᠥᠭᠵᠢᠭᠰᠡᠨ ᠰᠢᠨ᠎ᠡ ᠳᠦᠷᠰᠦ ᠪᠠᠶᠢᠳᠠᠯ ᠪᠠ ᠡᠶ᠎ᠡ ᠨᠢᠭᠲᠠᠷᠠᠯ ᠲᠠᠢ ᠵᠣᠯ ᠵᠢᠷᠭᠠᠯᠲᠤ | ᠠᠮᠢᠳᠤᠷᠠᠯ ᠢᠶᠠᠨ ᠪᠠᠭ᠋ᠠᠳᠤᠨ ᠵᠢᠷᠤᠭᠯᠠᠵᠠᠢ᠃ ᠡᠲᠡᠭᠡᠷ ᠪᠦᠲᠦᠭᠡᠯ ᠤᠳ ᠨᠢ ᠤᠷᠠᠯᠢᠭ ᠤᠨ ᠬᠢᠷᠢ ᠲᠦᠪᠰᠢᠨ ᠥᠨᠳᠥᠷ ᠰᠣᠳᠣᠨ ᠰᠢᠯᠢᠳᠡᠭ ᠪᠦᠲᠦᠭᠡᠯ ᠪᠣᠯᠬᠤ ᠪᠠᠷ | ᠪᠠᠷᠠᠬᠤ ᠦᠭᠡᠢ᠂ ᠠᠬᠠᠮᠠᠳ ᠺᠠᠳ᠋ᠷ᠂ ᠠᠬᠠᠮᠠᠳ ᠨᠠᠮ ᠤᠨ ᠭᠡᠰᠢᠭᠦᠳ ᠤᠨ ᠠᠵᠢᠯ ᠠᠴᠠ ᠪᠠᠨ ᠠᠮᠠᠷᠠᠭᠰᠠᠨ ᠴᠤ ᠤᠭ ᠵᠣᠷᠢᠭ ᠪᠠᠭᠤᠷᠠᠬᠤ ᠦᠭᠡᠢ᠂ ᠠᠭᠰᠢᠷᠠᠵᠤ | ᠪᠤᠭᠤᠷᠤᠯᠲᠤᠯᠠ ᠭᠡᠳ ᠨᠠᠮ ᠤᠨ ᠡᠷᠬᠢᠮ ᠳᠡᠭᠡᠳᠦ ᠬᠦᠰᠡᠯᠡᠩ ᠪᠠ ᠡᠷᠡᠰ ᠪᠠᠲᠤ ᠢᠲᠡᠭᠡᠯ ᠪᠢᠰᠢᠷᠡᠯ ᠢᠶᠠᠨ ᠥᠯᠥ ᠠᠯᠳᠠᠬᠤ ᠡᠭᠦᠷᠢᠳᠡ ᠤᠷᠤᠭᠰᠢᠯᠠᠨ ᠵᠢᠳᠬᠦᠬᠦ | ᠬᠠᠯᠠᠭᠤᠨ ᠵᠣᠷᠢᠭ ᠢ ᠬᠠᠷᠠᠭᠤᠯᠵᠤ ᠴᠢᠳᠠᠪᠠ᠃(ᠬᠦᠬᠡᠳᠠᠪᠠᠯᠭᠠᠨ ᠮᠡᠳᠡᠭᠡᠯᠡᠪᠡ︶ | | | | |