| | | | 7 ᠰᠠᠷ᠎ᠠ ᠶᠢᠨ 1 ᠤ ᠡᠳᠦᠷ ᠤᠨ ᠦᠳᠡ ᠶᠢᠨ ᠡᠮᠦᠨ᠎ᠡ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠤ ᠵᠠᠰᠠᠭ ᠤᠨ ᠣᠷᠳᠣᠨ ᠤ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠰᠢᠭᠤᠨ ᠳᠠᠷᠤᠭ᠎ᠠ ᠲᠢᠶᠠᠨ ᠶᠦᠩ ᠰᠢᠶᠠᠩ ᠪᠠᠭᠠᠷᠢᠨ ᠪᠠᠷᠠᠭᠤᠨ ᠬᠤᠰᠢᠭᠤᠨ ᠤ ᠠᠷᠪᠠᠨ ᠨᠠᠢᠮᠠᠳᠤᠭᠠᠷ | ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠨᠠᠶᠠᠨ ᠨᠢᠭᠡᠳᠦᠭᠡᠷ ᠤᠳᠠᠭ᠎ᠠ ᠶᠢᠨ ︵2025 ᠣᠨ ᠤ 12 ᠳ᠋ᠤᠭᠠᠷ ᠤᠳᠠᠭ᠎ᠠ︶ ᠨᠠᠮ ᠤᠨ ᠤᠳᠤᠷᠢᠳᠬᠤ | ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠡᠰᠡᠭ ᠬᠤᠰᠢᠭᠤᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ | ᠣᠷᠣᠯᠴᠠᠪᠠ︔ ᠬᠤᠷᠠᠯ ᠤᠨ ᠵᠥᠪᠯᠡᠬᠦ ᠰᠡᠳᠦᠪ ᠲᠠᠢ ᠬᠤᠯᠪᠣᠭᠳᠠᠬᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠰᠤᠯᠠ ᠣᠷᠣᠯᠴᠠᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠤᠨ ︽ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ | ᠤᠳᠤᠷᠢᠳᠬᠤ ᠳᠤᠭᠤᠶᠢᠯᠠᠩ︶ ᠶᠢᠨ ᠤᠳᠤᠷᠢᠳᠬᠤ ᠪᠠᠭ ᠤᠨ ᠪᠦᠷᠢᠯᠳᠦᠬᠦᠨ ︿ᠨᠢᠭᠡ ᠠᠵᠢᠯ ᠤᠨ ᠪᠠᠶᠢᠷᠢ ᠶᠢᠨ ᠬᠤᠣᠰ ᠬᠠᠷᠢᠭᠤᠴᠠᠯᠭ᠎ᠠ﹀ ᠶᠢ ᠨᠠᠶᠢᠳᠠᠪᠤᠷᠢᠵᠢᠭᠤᠯᠬᠤ | ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠴᠢᠬᠤᠯᠠ ᠠᠰᠠᠭᠤᠳᠠᠯ ᠢ ᠮᠡᠳᠡᠭᠳᠡᠬᠦ ᠠᠵᠢᠯ ᠤᠨ ᠠᠷᠭ᠎ᠠ︾᠂ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ | ︽ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠦᠵᠡᠯ ᠤᠬᠠᠮᠰᠠᠷ ᠤᠨ ᠬᠡᠯᠪᠡᠷᠢ ᠶᠢᠨ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠬᠦ ᠠᠷᠭ᠎ᠠ | ︾᠂ ᠯᠢᠦ ᠶᠢᠨ ᠭᠦᠸᠧ ᠨᠥᠬᠦᠷ ᠤᠨ 7 ᠮᠤᠵᠢ ᠥᠪᠡᠷᠲᠡᠭᠡᠨ ᠵᠠᠰᠠᠬᠤ ᠣᠷᠣᠨ ᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ | ᠵᠥᠪᠯᠡᠯ ᠤᠨ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠶᠠᠷᠢᠯᠴᠠᠬᠤ ᠬᠤᠷᠠᠯ ᠳᠡᠭᠡᠷᠡᠬᠢ ᠶᠠᠷᠢᠶᠠᠨ ᠤ ᠲᠣᠪᠴᠢᠯᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠪᠠ︔ ᠪᠠᠭᠠᠷᠢᠨ ᠪᠠᠷᠠᠭᠤᠨ ᠬᠤᠰᠢᠭᠤᠨ ᠤ 2025 ᠣᠨ ᠤ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ᠂ | 2025 ᠣᠨ ᠤ ᠲᠥᠪ᠂ ᠥᠪᠡᠷᠲᠡᠭᠡᠨ ᠵᠠᠰᠠᠬᠤ ᠣᠷᠣᠨ ᠤ ᠰᠢᠨ᠎ᠡ ᠬᠡᠯᠪᠡᠷᠢ ᠶᠢᠨ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢᠨ ᠲᠥᠷᠥᠯ ᠵᠦᠢᠯ ᠢ | ᠲᠡᠳᠬᠦᠨ ᠬᠥᠭᠵᠢᠭᠦᠯᠬᠦ ᠵᠡᠷᠭᠡ ᠶᠠᠪᠤᠳᠠᠯ ᠢ ᠰᠤᠳᠤᠯᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠡᠨᠡ ᠵᠢᠯ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ 5 ᠵᠢᠯ ᠤᠨ ᠰᠢᠯᠵᠢᠯᠲᠡ ᠶᠢᠨ ᠬᠤᠭᠤᠴᠠᠭᠠᠨ ᠤ ᠬᠠᠮᠤᠭ | ᠰᠡᠭᠦᠯᠴᠢ ᠶᠢᠨ ᠨᠢᠭᠡ ᠵᠢᠯ ᠪᠣᠯᠤᠨ᠎ᠠ᠂ ᠪᠦᠬᠦ ᠬᠤᠰᠢᠭᠤ ᠪᠠᠷ ᠢᠶᠠᠨ ᠤᠯᠤᠰ ᠲᠦᠷᠦ ᠶᠢᠨ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠤᠯᠤᠰ | ᠲᠦᠷᠦ ᠶᠢᠨ ᠬᠠᠷᠢᠭᠤᠴᠠᠯᠭ᠎ᠠ ᠪᠠᠨ ᠪᠠᠲᠤ ᠡᠭᠦᠷᠬᠡᠯᠡᠨ᠂ ᠤᠯᠤᠰ ᠲᠦᠷᠦ ᠶᠢᠨ ᠲᠣᠭᠲᠠᠯ ᠬᠦᠴᠦᠨ ᠢᠶᠠᠨ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠠᠵᠢᠯ ᠢ ᠦᠨᠡᠨ ᠬᠦ ᠭᠦᠨᠵᠡᠭᠡᠢ ᠨᠠᠷᠢᠯᠢᠭ ᠯᠠᠪᠳᠠᠭᠤᠨ ᠪᠠᠲᠤᠲᠠᠢ ᠬᠢᠵᠦ᠂ ᠪᠣᠳᠠᠲᠤ | ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠴᠢᠩ ᠰᠡᠳᠬᠢᠯ ᠠᠴᠠ ᠪᠠᠨ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠦᠨᠡᠨᠴᠢ ᠰᠢᠳᠤᠷᠭᠤ ᠪᠠᠷ | ᠦᠢᠯᠡᠳᠦᠯᠭᠡᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠲᠤᠬᠠᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ | ᠪᠣᠳᠠᠲᠠᠢ ᠳᠤ ᠨᠠᠶᠢᠳᠠᠪᠤᠷᠢᠵᠢᠭᠤᠯᠵᠤ᠂ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠠᠮ ᠤᠨ ᠬᠤᠷᠢᠳᠤᠭᠠᠷ ᠶᠡᠭᠡ ᠬᠤᠷᠠᠯ ᠵᠢᠴᠢ | ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠣᠣᠱᠯᠠᠭᠤᠯᠵᠣ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠤᠳᠤᠷᠢᠳᠬᠤ ᠡᠷᠬᠡ ᠶᠢ ᠪᠠᠲᠤ ᠡᠵᠡᠮᠳᠡᠵᠦ᠂ ᠦᠵᠡᠯ ᠤᠬᠠᠮᠰᠠᠷ ᠤᠨ ᠬᠡᠯᠪᠡᠷᠢ ᠶᠢᠨ | ᠪᠠᠬᠢᠯᠡᠯᠲᠡ ᠶᠢ ᠰᠠᠶᠢᠲᠤᠷ ᠰᠠᠬᠢᠵᠤ᠂ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ | ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠪᠠᠶᠢᠳᠠᠯ ᠢ ᠲᠣᠭᠲᠠᠮᠠᠯ | ᠬᠤᠭᠤᠴᠠᠭ᠎ᠠ ᠲᠠᠢ ᠪᠠᠷ ᠰᠤᠳᠤᠯᠵᠤ᠂ ᠪᠠᠶᠢᠷᠢᠯᠠᠭᠤᠯᠵᠤ᠂ ᠪᠠᠶᠢᠴᠠᠭᠠᠵᠤ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ | ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠴᠢᠬᠡᠴᠢ ᠵᠠᠰᠠᠭ ᠤᠨ ᠬᠥᠮᠦᠵᠢᠯ ᠢ ᠭᠦᠨᠵᠡᠭᠡᠢ ᠥᠷᠨᠢᠭᠦᠯᠵᠦ᠂ | ᠢᠯᠵᠠᠷᠠᠯ ᠢ ᠡᠰᠡᠷᠭᠦᠴᠡᠵᠦ ᠬᠤᠪᠢᠷᠠᠬᠤ ᠶᠢ ᠰᠡᠷᠭᠡᠶᠢᠯᠡᠬᠦ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠢ ᠭᠡᠵᠠᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |