| | | 7 ᠰᠠᠷ᠎ᠠ ᠶᠢᠨ 1 ᠤ ᠡᠳᠦᠷ ᠤᠨ ᠦᠳᠡ ᠶᠢᠨ ᠡᠮᠦᠨ᠎ᠡ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠤ ᠵᠠᠰᠠᠭ ᠤᠨ ᠣᠷᠳᠣᠨ ᠤ | ᠬᠤᠰᠢᠭᠤᠨ ᠳᠠᠷᠤᠭ᠎ᠠ ᠲᠢᠶᠠᠨ ᠶᠦᠩ ᠰᠢᠶᠠᠩ ᠪᠠᠭᠠᠷᠢᠨ ᠪᠠᠷᠠᠭᠤᠨ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ | ᠭᠤᠴᠢᠨ ᠨᠢᠭᠡᠳᠦᠭᠡᠷ ᠤᠳᠠᠭ᠎ᠠ ᠶᠢᠨ ︵2025 ᠣᠨ ᠤ 8 ᠳ᠋ᠤᠭᠠᠷ ᠤᠳᠠᠭ᠎ᠠ ︶ ᠪᠠᠶᠢᠩᠭᠤ ᠶᠢᠨ ᠬᠤᠷᠠᠯ ᠵᠢᠴᠢ ᠠᠵᠤ ᠠᠬᠤᠶ ᠶᠢᠨ ᠪᠠᠶᠢᠭᠤᠯᠤᠮᠵᠢ ᠪᠠ ᠠᠮᠢ | ᠠᠬᠤᠶ ᠶᠢᠨ ᠪᠣᠯᠪᠠᠰᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠡᠰᠡᠭ ᠵᠠᠰᠠᠭ ᠤᠨ ᠣᠷᠳᠣᠨ ᠤ ᠤᠳᠤᠷᠢᠳᠬᠤ | ᠪᠠᠭ ᠤᠨ ᠪᠦᠷᠢᠯᠳᠦᠬᠦᠨ ᠬᠤᠷᠠᠯ ᠳᠤ ᠰᠠᠭᠠᠲᠠᠵᠠᠢ︔ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ | ᠡᠷᠬᠢᠯᠡᠭᠴᠢ ᠵᠠᠩ ᠰᠢᠤᠸᠠᠢ ᠯᠸᠢ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠠᠩ ᠢ ᠬᠤᠷᠠᠯ ᠳᠤ ᠰᠤᠯᠠ ᠣᠷᠣᠯᠴᠠᠪᠠ︔ | ᠬᠤᠷᠠᠯ ᠤᠨ ᠵᠥᠪᠯᠡᠬᠦ ᠰᠡᠳᠦᠪ ᠲᠠᠢ ᠬᠤᠯᠪᠣᠭᠳᠠᠬᠤ ᠭᠠᠵᠠᠷ ᠣᠷᠣᠨ ᠪᠣᠯᠤᠨ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ | ᠬᠤᠷᠠᠯ ᠠᠴᠠ ᠲᠥᠪ ᠤᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠠᠷᠢᠭᠤ ᠲᠤᠰᠬᠠᠭᠰᠠᠠ ᠵᠠᠬᠢᠳᠠᠯ ᠰᠤᠷᠪᠤᠯᠵᠢᠯᠠᠯ ᠤᠨ ᠬᠡᠷᠡᠭ ᠢ ᠰᠢᠢᠳᠪᠦᠷᠢᠯᠡᠭᠰᠡᠨ᠂ | ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠠ ᠵᠠᠬᠢᠳᠠᠯ ᠰᠤᠷᠪᠤᠯᠵᠢᠯᠠᠯ ᠤᠨ ᠬᠡᠷᠡᠭ ᠢ | ᠰᠢᠢᠳᠪᠦᠷᠢᠯᠡᠭᠰᠡᠨ᠂ ᠠᠶᠤᠯᠭᠦᠢ ᠦᠢᠯᠡᠳᠪᠦᠷᠢᠯᠡᠯ᠂ ᠠᠵᠤ ᠠᠬᠤᠢ ᠶᠢᠨ ᠪᠠᠶᠢᠭᠤᠯᠤᠮᠵᠢ ᠪᠣᠯᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ | ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ | ᠪᠠᠶᠢᠷᠢᠯᠠᠭᠤᠯᠪᠠ︔ ︽ᠪᠠᠭᠠᠷᠢᠨ ᠪᠠᠷᠠᠭᠤᠨ ᠬᠤᠰᠢᠭᠤᠨ ᠤ ᠤᠰᠤ ᠠᠷᠪᠢᠯᠠᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾᠂ ︽2024 ᠣᠨ ᠤ ᠬᠤᠰᠢᠭᠤᠨ ᠤ | ᠲᠣᠰ ᠱᠠᠲᠤᠨ ᠤ ᠡᠳ᠋ ᠤᠨ ᠵᠠᠰᠠᠭ ᠤᠨ ᠲᠥᠰᠦᠪ ᠤᠨ ᠬᠡᠷᠡᠭᠵᠢᠭᠦᠯᠦᠯᠲᠡ ᠵᠢᠴᠢ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠢ ᠬᠢᠨᠠᠨ | ᠪᠤᠳᠤᠭᠰᠠᠨ ᠠᠵᠢᠯ ᠤᠨ ᠮᠡᠳᠡᠭᠦᠯᠦᠯᠲᠡ︾ ᠶᠢ ᠬᠢᠨᠠᠨ ᠵᠥᠪᠯᠡᠪᠡ᠃ | ᠬᠤᠷᠠᠯ ᠠᠴᠠ ᠵᠢᠭᠠᠵᠣ ᠭᠠᠷᠭᠠᠭᠰᠠᠨ ᠨᠢ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠣᠯ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ | ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠤᠢᠢᠯᠠᠭᠠᠨ ᠲᠣᠣᠱᠯᠠᠭᠤᠯᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠮᠥᠨ᠂ ᠨᠡᠩ ᠴᠤ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠮᠥᠨ᠃ ᠵᠠᠰᠠᠭ ᠤᠨ ᠣᠷᠳᠣᠨ ᠤ ᠰᠢᠰᠲ᠋ᠧᠮ ᠤᠨ ᠬᠢᠨ ᠥᠭᠡᠷᠡᠴᠢᠯᠡᠯᠲᠡ ᠶᠢᠨ | ᠣᠶᠢᠯᠠᠭᠠᠭᠳᠠᠬᠤᠨ ᠢ ᠤᠯᠠᠮ ᠴᠢᠨᠠᠭᠰᠢᠳᠠ ᠪᠠᠲᠤ ᠪᠤᠢ ᠪᠣᠯᠭᠠᠵᠤ᠂ ᠥᠭᠡᠷᠡᠴᠢᠯᠡᠯᠲᠡ ᠶᠢᠨ ᠤᠬᠠᠮᠰᠠᠷ ᠢᠶᠠᠨ ᠴᠢᠩᠭᠠᠳᠬᠠᠵᠤ᠂ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠬᠦ ᠵᠣᠷᠢᠭ ᠰᠠᠨᠠᠭ᠎ᠠ ᠪᠣᠯᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠣᠳᠠᠲᠤ ᠦᠷ᠎ᠡ ᠪᠦᠲᠦᠮᠵᠢ ᠪᠠᠷ ᠪᠦᠬᠦ ᠬᠤᠰᠢᠭᠤᠨ ᠤ ᠴᠢᠨᠠᠷ ᠰᠠᠶᠢᠲᠠᠢ | ᠬᠥᠭᠵᠢᠯᠲᠡ ᠳᠤ ᠲᠠᠰᠤᠷᠠᠯᠲᠠ ᠦᠭᠡᠢ ᠥᠭᠡᠷᠡᠴᠢᠯᠡᠯᠲᠡ ᠶᠢᠨ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠭᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠲᠥᠪ ᠤᠨ ᠲᠣᠭᠤᠷᠢᠨ ᠪᠠᠶᠢᠴᠠᠭᠠᠬᠤ ᠳᠤᠭᠤᠶᠢᠯᠠᠩ᠂ ᠲᠥᠪ ᠤᠨ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠬᠡᠷᠡᠭ ᠢ ᠰᠢᠢᠳᠪᠦᠷᠢᠯᠡᠬᠦ ᠠᠵᠢᠯ ᠢ ᠰᠠᠶᠢᠲᠤᠷ | ᠠᠳᠬᠤᠬᠤ ᠪᠣᠯ ᠴᠢᠬᠤᠯᠠ ᠤᠯᠤᠰ ᠲᠦᠷᠦ ᠶᠢᠨ ᠡᠭᠦᠷᠭᠡ ᠮᠥᠨ᠂ ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ | ᠦᠨᠡᠨ ᠬᠦ ᠳᠡᠭᠡᠭᠰᠢᠯᠡᠭᠦᠯᠵᠦ᠂ ᠤᠯᠤᠰ ᠲᠦᠷᠦ ᠶᠢᠨ ᠱᠠᠭᠠᠷᠳᠠᠯᠭ᠎ᠠ ᠶᠢ ᠵᠠᠬᠢᠳᠠᠯ ᠰᠤᠷᠪᠤᠯᠵᠢᠯᠠᠯ ᠤᠨ ᠬᠡᠷᠡᠭ ᠢ ᠰᠢᠢᠳᠪᠦᠷᠢᠯᠡᠬᠦ ᠠᠵᠢᠯ ᠤᠨ ᠪᠦᠬᠦ ᠶᠠᠪᠤᠴᠠ ᠡᠯ᠎ᠡ | ᠭᠤᠭᠴᠤᠭ᠎ᠠ ᠳᠤ ᠲᠣᠣᠱᠯᠠᠭᠤᠯᠵᠣ᠂ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ ᠦᠨᠡᠨ ᠬᠦ ᠠᠳᠬᠤᠨ ᠴᠡᠭᠴᠡᠯᠡᠨ ᠰᠠᠶᠢᠵᠢᠷᠠᠭᠤᠯᠵᠤ᠂ ᠨᠡᠩ ᠪᠣᠳᠠᠲᠠᠢ ᠶᠢ | ᠡᠷᠬᠢᠮᠯᠡᠭᠰᠡᠨ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠱᠠᠯᠠᠪᠳᠠᠨ ᠲᠦᠷᠭᠡᠨ ᠰᠢᠢᠳᠪᠦᠷᠢᠯᠡᠵᠦ᠂ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠴᠡᠭᠴᠡᠯᠡᠨ | ᠰᠠᠶᠢᠵᠢᠷᠠᠭᠤᠯᠤᠭᠰᠠᠨ ᠦᠷ᠎ᠡ ᠪᠦᠲᠦᠭᠡᠯ ᠰᠢᠯᠭᠠᠯᠲᠠ ᠶᠢ ᠳᠠᠭᠠᠭᠠᠵᠤ ᠳᠡᠶᠢᠯᠬᠦ ᠶᠢ ᠪᠠᠲᠤᠯᠠᠬᠤ ᠬᠡᠷᠡᠭᠲᠡᠢ ᠭᠡᠵᠠᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠰᠤᠮᠤ ᠪᠠᠯᠭᠠᠰᠤ ᠵᠡᠭᠡᠯᠢ ᠭᠤᠳᠤᠮᠵᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠶᠤᠯᠭᠦᠢ | ᠦᠢᠯᠡᠳᠪᠦᠷᠢᠯᠡᠯ ᠤᠨ ᠡᠷᠴᠢᠮ ᠢᠶᠠᠨ ᠢᠮᠠᠭᠲᠠ ᠴᠢᠩᠭᠠᠷᠠᠭᠤᠯᠵᠤ᠂ ᠦᠵᠡᠯ ᠰᠠᠨᠠᠭᠠᠨ ᠤ ᠰᠣᠨᠣᠷ ᠰᠡᠷᠡᠮᠵᠢ ᠪᠠᠨ ᠤᠯᠠᠮ ᠴᠢᠨᠠᠭᠰᠢᠳᠠ ᠴᠢᠩᠭᠠᠳᠬᠠᠨ᠂ ᠠᠮᠤᠷ | ᠲᠦᠪᠰᠢᠨ ᠤ ᠠᠷᠭ᠎ᠠ ᠬᠡᠮᠵᠢᠶ᠎ᠡ ᠪᠠᠨ ᠦᠨᠡᠨ ᠬᠦ ᠴᠢᠩᠭᠠᠳᠬᠠᠵᠤ᠂ ᠡᠯ᠎ᠡ ᠵᠦᠢᠯ ᠤᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ | ᠬᠡᠷᠡᠭᠲᠡᠢ ᠭᠡᠪᠡ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |