| | | | ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 104 ᠵᠢᠯ ᠤᠨ ᠣᠶ ᠶᠢ ᠪᠡᠯᠭᠡᠯᠡᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ | ᠡᠭᠦᠳᠦᠨ ᠪᠠᠶᠢᠭᠤᠯᠬᠤ ᠠᠵᠢᠯ ᠢ ᠭᠦᠨᠵᠡᠭᠡᠶᠢᠷᠡᠭᠦᠯᠵᠦ᠂ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠶᠢᠨ ᠲᠥᠯᠥᠭᠡ᠂ 6 ᠰᠠᠷ᠎ᠠ ᠶᠢᠨ | 30 ᠤ ᠡᠳᠦᠷ ᠤᠨ ᠦᠳᠡ ᠶᠢᠨ ᠡᠮᠦᠨ᠎ᠡ᠂ ᠬᠤᠰᠢᠭᠤᠨ ᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠳ᠋ᠠᠪᠠᠨ ᠳᠠᠬᠢ ᠮᠠᠰᠢᠨ ᠤ ᠶᠠᠪᠤᠳᠠᠯ ᠤᠨ | ᠦᠷᠳᠡᠭᠡ ᠲᠠᠢ ᠬᠠᠮᠲᠤᠷᠠᠨ ︽ᠦᠠᠳᠣᠰᠣᠳᠠᠠ ᠤ ᠪᠦᠯᠬᠦᠮᠳᠡᠯ ᠤᠨ ᠲᠥᠯᠥᠭᠡ ᠬᠠᠮᠲᠤ ᠪᠠᠷ ᠲᠡᠮᠡᠴᠡᠵᠦ ᠵᠠᠰᠠᠭ ᠠᠵᠤ ᠠᠬᠤᠶᠢᠯᠠᠯ ᠰᠡᠳᠬᠢᠯ ᠨᠢᠭᠡᠳᠦᠨ | ᠦᠵᠡᠰᠬᠦᠯᠡᠩᠲᠦ ᠭᠡᠷ ᠣᠷᠣᠨ ᠢᠶᠠᠨ ᠴᠣᠭᠴᠠᠯᠠᠶ᠎ᠠ︾ ᠭᠡᠬᠦ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠳᠤᠮᠳᠠ᠂ ᠨᠠᠮ ᠤᠨ ᠭᠡᠰᠢᠭᠦᠨ ᠰᠠᠶᠢᠨ ᠳᠤᠷᠠᠴᠤᠳ ᠬᠠᠯᠠᠭᠤᠨ ᠨᠡᠷᠡᠨ ᠠᠴᠠ ᠠᠶᠤᠬᠤ ᠦᠭᠡᠢ ᠪᠠᠶᠢᠵᠤ᠂ ᠭᠤᠣᠯᠳᠠᠯᠭ᠎ᠠ ᠲᠠᠢ ᠴᠡᠭᠴᠡᠯᠡᠨ ᠵᠠᠰᠠᠬᠤ | ᠨᠢᠭᠡᠴᠡ ᠶᠢᠨ ᠵᠡᠭᠦᠨ ᠲᠠᠯ᠎ᠠ ᠶᠢᠨ ᠬᠠᠰᠢᠯᠭ᠎ᠠ ᠰᠤᠪᠠᠭ ᠳᠠᠭᠠᠤ ᠶᠢᠨ ᠡᠵᠡᠭᠦᠢ ᠡᠪᠡᠰᠦ ᠢᠭᠴᠤᠷᠠᠭᠰᠠᠨ ᠣᠷᠣᠨ ᠪᠦᠰᠡ ᠶᠢ ᠠᠷᠢᠯᠭᠠᠨ ᠴᠡᠪᠡᠷᠯᠡᠭᠰᠡᠨ ᠪᠥᠭᠡᠳ | ᠴᠡᠴᠡᠭ ᠤᠨ ᠦᠷ᠎ᠡ ᠬᠠᠨᠳᠢᠪᠯᠠᠵᠤ ᠨᠣᠭᠤᠭᠠᠷᠠᠭᠤᠯᠤᠯᠲᠠ ᠶᠢᠨ ᠢᠨᠵᠧᠨᠧᠷᠢᠩ ᠳᠤ ᠬᠦᠴᠦᠨ ᠨᠡᠮᠡᠷᠢᠯᠡᠪᠡ᠃ ᠴᠡᠪᠡᠷᠯᠡᠨ ᠠᠷᠢᠯᠭᠠᠭᠰᠠᠨ ᠤ ᠳᠠᠷᠠᠭ᠎ᠠ᠂ ᠥᠩᠭᠡᠷᠡᠭᠰᠡᠨ ᠤ | ᠪᠤᠵᠠᠷ ᠡᠪᠡᠰᠦ ᠢᠭᠴᠤᠷᠠᠭᠰᠠᠨ ᠰᠤᠪᠠᠭ ᠤᠨ ᠬᠥᠪᠡᠭᠡᠨ ᠳᠤ ᠴᠣ ᠰᠢᠨ᠎ᠡ ᠳᠦᠷᠰᠦ ᠪᠠᠶᠢᠳᠠᠯ ᠢᠯᠡᠷᠡᠵᠦ᠂ ᠥᠷᠭᠡᠨ ᠠᠭᠤᠳᠠᠮ ᠴᠡᠪᠡᠷ ᠲᠡᠭᠰᠢ ᠪᠠᠶᠢᠳᠠᠯ ᠬᠠᠷᠠᠭᠳᠠᠪᠠ᠃ | ᠲᠠᠷᠠᠭ᠎ᠠ ᠨᠢ᠂ ᠨᠠᠮ ᠤᠨ ᠭᠡᠰᠢᠭᠦᠨ ᠺᠠᠳ᠋ᠷ ᠭᠠᠯ ᠤᠯᠠᠭᠠᠨ ᠨᠠᠮ ᠤᠨ ᠲᠤᠭ ᠤᠨ ᠳᠣᠣᠷ᠎ᠠ ᠨᠠᠮ ᠳᠤ ᠣᠷᠣᠬᠤ ᠲᠠᠩᠭᠠᠷᠢᠭ ᠢᠶᠠᠨ ᠲᠠᠬᠢᠨ ᠤᠩᠰᠢᠪᠠ᠃ | ᠲᠣᠰ ᠤᠳᠠᠭ᠎ᠠ ᠶᠢᠨ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠨᠢ ︽ᠪᠠᠭ᠎ᠠ ᠶᠠᠪᠤᠳᠠᠯ︾ ᠢᠶᠠᠷ ︽ᠶᠡᠭᠡ ᠭᠤᠤᠯ ᠰᠡᠳᠦᠪ︾ ᠢ ᠢᠯᠡᠷᠡᠭᠦᠯᠵᠦ᠂ | ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠭᠤᠶᠤᠵᠢᠭᠤᠯᠤᠭᠰᠠᠨ ᠮᠥᠷᠲᠡᠭᠡᠨ ᠪᠠᠰᠠ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ | ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠨᠠᠩ ᠴᠤ ᠵᠠᠰᠠᠭ ᠠᠵᠤ ᠠᠬᠤᠶᠢᠯᠠᠯ ᠬᠠᠮᠵᠢᠯᠴᠠᠨ ᠦᠨᠳᠦᠰᠦᠨ ᠱᠠᠲᠤᠨ ᠤ ᠵᠠᠰᠠᠯᠲᠠ ᠳᠤ ᠬᠦᠴᠦᠨ | ᠨᠡᠮᠡᠷᠢᠯᠡᠬᠦ ᠪᠦᠲᠦᠮᠵᠢᠲᠡᠶ ᠠᠷᠭ᠎ᠠ ᠵᠠᠮ ᠢ ᠰᠦᠪᠡᠭᠴᠢᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠠᠮᠢ | ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠳᠤ ᠬᠤᠪᠢᠰᠬᠠᠯᠲᠤ ᠬᠥᠳᠡᠯᠭᠡᠬᠦ ᠡᠨᠧᠷᠭᠢ ᠨᠡᠮᠡᠷᠢᠯᠡᠪᠡ᠃ ᠲᠠᠷᠠᠭᠠᠴᠢ ᠶᠢᠨ ᠠᠯᠬᠤᠮ ᠳᠤ᠂ ᠬᠤᠰᠢᠭᠤᠨ ᠤ | ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠢᠮᠦᠷᠬᠦᠦ ᠬᠠᠮᠲᠤ ᠪᠠᠷ ᠪᠠᠶᠢᠭᠤᠯᠬᠤ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠴᠡᠴᠡᠭ ᠢ ᠬᠠᠮᠲᠤ ᠪᠠᠷ ᠲᠡᠮᠡᠴᠡᠬᠦ ᠳᠤᠮᠳᠠ ᠨᠠᠩ ᠭᠢᠯᠠᠯᠵᠠᠮ᠎ᠠ ᠳᠡᠯᠬᠡᠷᠡᠬᠦᠯᠦᠨ᠎ᠡ᠃ |