| | | | ᠰᠢᠨᠬᠤᠸᠠ ᠬᠤᠷᠢᠶᠠᠨ ᠤ ᠪᠡᠭᠡᠵᠢᠩ ᠤᠨ 7 ᠳ᠋ᠤᠭᠠᠷ ᠰᠠᠷ᠎ᠠ ᠶᠢᠨ 1 ᠤ ᠡᠳᠦᠷ ᠤᠨ ᠴᠠᠬᠢᠯᠭᠠᠨ ᠮᠡᠳᠡᠭᠡ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ᠂ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶᠠᠨ ᠤ | ᠡᠷᠬᠢᠯᠡᠭᠴᠢ ᠰᠢ ᠶᠢᠨ ᠫᠢᠩ 7 ᠳ᠋ᠤᠭᠠᠷ ᠰᠠᠷ᠎ᠠ ᠶᠢᠨ 1 ᠤ ᠡᠳᠦᠷ ᠤᠨ ᠦᠳᠡ ᠶᠢᠨ ᠡᠮᠦᠨ᠎ᠡ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶᠠᠨ ᠤ | ᠵᠢᠷᠭᠤᠳᠤᠭᠠᠷ ᠤᠳᠠᠭ᠎ᠠ ᠶᠢᠨ ᠬᠤᠷᠠᠯᠳᠤᠭᠠᠨ ᠢ ᠡᠷᠬᠢᠯᠡᠨ ᠬᠤᠷᠠᠯᠳᠤᠭᠤᠯᠵᠤ᠂ ᠪᠦᠬᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ | ᠪᠠᠶᠢᠭᠤᠯᠤᠯᠲᠠ᠂ ᠲᠠᠯᠠᠢ ᠲᠠᠩᠭᠢᠰ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠭᠦᠨᠵᠡᠭᠡᠢ ᠠᠬᠢᠭᠤᠯᠬᠤ ᠵᠡᠷᠭᠡ ᠠᠰᠠᠭᠤᠳᠠᠯ ᠤᠳ ᠢ ᠰᠤᠳᠤᠯᠪᠠ᠃ | ᠰᠢ ᠶᠢᠨ ᠫᠢᠩ ᠬᠤᠷᠠᠯᠳᠤᠭᠠᠨ ᠳᠡᠭᠡᠷ᠎ᠡ ᠴᠢᠬᠤᠯᠠ ᠶᠠᠷᠢᠶ᠎ᠠ ᠲᠠᠯᠪᠢᠨ ᠴᠢᠬᠤᠯᠠᠴᠢᠯᠠᠬᠤ ᠳᠤ ᠪᠠᠨ᠂ ᠪᠦᠬᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ | ᠪᠠᠶᠢᠭᠤᠯᠬᠤ ᠪᠣᠯ ᠰᠢᠨ᠎ᠡ ᠬᠥᠭᠵᠢᠯᠲᠡ ᠶᠢᠨ ᠲᠥᠯᠥᠪ ᠪᠠᠶᠢᠳᠠᠯ ᠢ ᠪᠠᠶᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠬᠡᠷᠡᠭᠴᠡᠭᠡ ᠮᠥᠨ᠂ ᠨᠠᠮ ᠤᠨ | ᠲᠥᠪ ᠬᠤᠷᠢᠶᠠᠨ ᠤ ᠪᠠᠶᠢᠷᠢᠯᠠᠭᠤᠯᠤᠯᠲᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠠᠬᠢᠭᠤᠯᠬᠤ ᠨᠡᠶᠢᠯᠡᠯ | ᠬᠦᠴᠦᠨ ᠢ ᠪᠦᠷᠢᠯᠳᠦᠭᠦᠯᠬᠦ ᠬᠡᠷᠡᠭᠲᠡᠢ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠡᠷᠬᠡᠪᠰᠢ ᠳᠠᠯᠠᠢ ᠲᠠᠩᠭᠢᠰ ᠤᠨ ᠠᠵᠤ | ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠳᠠᠯᠠᠢ ᠲᠠᠩᠭᠢᠰ ᠤᠨ ᠲᠠᠯ᠎ᠠ ᠪᠠᠷ ᠬᠦᠴᠦᠷᠬᠡᠭᠵᠢᠬᠦ ᠵᠠᠮ ᠢᠶᠠᠷ | ᠵᠠᠮᠨᠠᠬᠤ ᠬᠡᠷᠡᠭᠲᠡᠢ ᠭᠡᠵᠡᠢ᠃ | ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ | ᠰᠠᠶᠢᠳ᠂ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶᠠᠨ ᠤ ᠳᠡᠳ᠋ ᠡᠷᠬᠢᠯᠡᠭᠴᠢ ᠯᠢ ᠴᠢᠶᠠᠩ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ | ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ᠂ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶᠠᠨ ᠤ | ᠭᠡᠰᠢᠭᠦᠨ ᠼᠠᠢ ᠴᠢ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶᠠᠨ ᠤ | ᠳᠡᠳ᠋ ᠶᠡᠷᠦᠩᠬᠡᠢ ᠰᠠᠶᠢᠳ ᠳ᠋ᠢᠩ ᠰᠢᠤᠸᠠᠢ ᠰᠢᠶᠠᠩ ᠲᠣᠰ ᠬᠤᠷᠠᠯᠳᠤᠭᠠᠨ ᠳᠤ ᠣᠷᠣᠯᠴᠠᠪᠠ᠃ | ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠪᠦᠬᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ | ᠭᠦᠨᠵᠡᠭᠡᠶᠢᠷᠡᠭᠦᠯᠦᠨ ᠠᠬᠢᠭᠤᠯᠬᠤ ᠶᠢᠨ ᠦᠨᠳᠦᠰᠦᠨ ᠱᠠᠭᠠᠷᠳᠠᠯᠭ᠎ᠠ ᠪᠣᠯ ︽ᠲᠠᠪᠤ ᠶᠢ ᠨᠢᠭᠡᠳᠬᠡᠵᠦ᠂ ᠨᠢᠭᠡ ᠶᠢ ᠨᠡᠭᠡᠭᠡᠯᠲᠡ ᠬᠢᠬᠦ︾ ᠶᠠᠪᠤᠳᠠᠯ ᠪᠣᠯᠣᠨ᠎ᠠ᠂ ᠲᠤᠬᠠᠶᠢᠯᠠᠪᠠᠯ | ᠵᠠᠬ᠎ᠠ ᠳᠡᠯᠭᠡᠭᠦᠷ ᠤᠨ ᠰᠠᠭᠤᠷᠢ ᠳᠦᠷᠢᠮ ᠢ ᠨᠢᠭᠡᠳᠬᠡᠬᠦ᠂ ᠵᠠᠬ᠎ᠠ ᠳᠡᠯᠭᠡᠭᠦᠷ ᠤᠨ ᠰᠠᠭᠤᠷᠢ ᠪᠡᠯᠡᠳᠬᠡᠮᠵᠢ ᠶᠢ ᠨᠢᠭᠡᠳᠬᠡᠬᠦ᠂ ᠵᠠᠰᠠᠭ ᠤᠨ ᠣᠷᠳᠣᠨ ᠤ ᠠᠵᠢᠯᠯᠠᠭᠠᠨ ᠤ | ᠪᠠᠷᠢᠮᠵᠢᠶ᠎ᠠ ᠶᠢ ᠨᠢᠭᠡᠳᠬᠡᠬᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠬᠠᠤᠯᠢ ᠬᠡᠷᠡᠭᠵᠢᠭᠦᠯᠦᠯᠲᠡ ᠶᠢ ᠨᠢᠭᠡᠳᠬᠡᠬᠦ᠂ ᠴᠢᠬᠤᠯᠠ ᠬᠦᠴᠦᠨ ᠵᠦᠢᠯ ᠤᠨ ᠡᠬᠢ | ᠪᠠᠶᠠᠯᠢᠭ ᠤᠨ ᠵᠠᠬ᠎ᠠ ᠳᠡᠯᠭᠡᠭᠦᠷ ᠢ ᠨᠢᠭᠡᠳᠬᠡᠬᠦ᠂ ᠳᠣᠲᠣᠭᠠᠳᠤ ᠪᠠ ᠭᠠᠳᠠᠭᠠᠳᠤ ᠨᠡᠭᠡᠭᠡᠯᠲᠡ ᠶᠢ ᠦᠷᠭᠦᠯᠵᠢᠯᠡᠨ ᠥᠷᠭᠡᠳᠬᠡᠬᠦ ᠶᠠᠪᠤᠳᠠᠯ ᠪᠣᠯᠣᠨ᠎ᠠ ᠭᠡᠵᠡᠢ᠃ | ᠬᠤᠷᠠᠯᠳᠤᠭᠠᠨ ᠢᠶᠠᠷ ᠴᠢᠬᠤᠯᠠᠴᠢᠯᠠᠬᠤ ᠳᠤ ᠪᠠᠨ᠂ ᠪᠦᠬᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ | ᠠᠬᠢᠭᠤᠯᠬᠤ ᠳᠤ᠂ ᠭᠤᠣᠯᠳᠠᠯᠭ᠎ᠠ ᠪᠣᠯᠬᠤ ᠬᠦᠴᠢᠷ ᠠᠰᠠᠭᠤᠳᠠᠯ ᠳᠤ ᠠᠩᠬᠠᠷᠤᠯ ᠲᠥᠪᠯᠡᠷᠡᠭᠦᠯᠵᠦ᠂ ᠠᠵᠤ ᠠᠬᠤᠶᠢᠯᠠᠯ ᠤᠨ ᠬᠢᠮᠳᠠ ᠦᠨ᠎ᠡ ᠪᠠᠷ ᠡᠮᠬᠢ ᠵᠠᠮᠪᠠᠷᠠᠭ᠎ᠠ | ᠦᠭᠡᠢ ᠥᠷᠢᠰᠦᠯᠳᠦᠬᠦ ᠶᠢ ᠬᠠᠤᠯᠢ ᠲᠣᠭᠲᠠᠭᠠᠯ ᠶᠣᠰᠣᠭᠠᠷ ᠵᠠᠰᠠᠵᠤ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠦᠢᠯᠡᠳᠬᠦᠨ ᠤ ᠴᠢᠨᠠᠷ | ᠴᠢᠨᠰᠠᠭ᠎ᠠ ᠶᠢ ᠳᠡᠭᠡᠭᠰᠢᠯᠡᠭᠦᠯᠵᠦ᠂ ᠬᠤᠴᠣᠷᠤᠩᠭᠤᠢ ᠦᠢᠯᠡᠳᠪᠦᠷᠢᠯᠡᠬᠦ ᠴᠢᠳᠠᠮᠵᠢ ᠶᠢᠨ ᠡᠮᠬᠢ ᠵᠢᠷᠤᠮ ᠲᠠᠢ ᠪᠠᠷ ᠪᠤᠴᠠᠵᠤ ᠭᠠᠷᠬᠤ ᠶᠢ ᠠᠬᠢᠭᠤᠯᠤᠨ᠎ᠠ︔ ᠵᠠᠰᠠᠭ ᠤᠨ | ᠣᠷᠳᠣᠨ ᠤ ᠬᠤᠳᠠᠯᠳᠤᠨ ᠠᠪᠬᠤ ᠪᠠ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠶᠢ ᠵᠢᠷᠤᠮᠵᠢᠭᠤᠯᠵᠤ᠂ ᠳᠠᠭᠠᠭᠠᠴᠢᠯᠠᠯᠲᠠ ᠣᠯᠣᠭᠰᠠᠨ ᠦᠷ᠎ᠡ | ᠳ᠋ᠦᠩ ᠳᠤ ᠭᠤᠣᠯᠴᠢ ᠴᠢᠨᠠᠷ ᠤᠨ ᠬᠢᠨᠠᠨ ᠪᠠᠶᠢᠴᠠᠭᠠᠯᠲᠠ ᠶᠢ ᠴᠢᠩᠭᠠᠳᠬᠠᠨ᠎ᠠ︔ ᠣᠷᠣᠨ ᠨᠤᠲᠤᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ | ᠵᠢᠷᠤᠮᠵᠢᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠠᠯ᠎ᠠ ᠪᠠᠷ ᠬᠢ ᠮᠡᠳᠡᠭᠡ ᠵᠠᠩᠭᠢ ᠨᠡᠶᠢᠲᠡᠯᠡᠬᠦ ᠶᠢ ᠴᠢᠩᠭᠠᠳᠬᠠᠨ᠎ᠠ︔ ᠳᠣᠲᠣᠭᠠᠳᠤ ᠠᠷᠠᠯᠵᠢᠶ᠎ᠠ ᠪᠠ | ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠬᠦᠴᠦᠯᠡᠨ ᠠᠬᠢᠭᠤᠯᠵᠤ᠂ ᠭᠠᠳᠠᠭᠠᠳᠤ ᠳᠤ ᠭᠠᠷᠭᠠᠵᠤ ᠪᠠᠶᠢᠭᠰᠠᠨ ᠢ ᠳᠣᠲᠣᠭᠠᠳᠤ ᠳᠤ ᠪᠠᠨ | ᠪᠣᠷᠣᠯᠠᠭᠤᠯᠬᠤ ᠲᠡᠶᠢᠰᠢ ᠰᠢᠯᠵᠢᠭᠦᠯᠬᠦ ᠵᠠᠮ ᠢ ᠰᠠᠭᠠᠳ ᠦᠭᠡᠢ ᠨᠠᠪᠲᠠᠷᠡᠭᠦᠯᠵᠦ᠂ ᠳᠣᠲᠣᠭᠠᠳᠤ ᠠᠷᠠᠯᠵᠢᠶ᠎ᠠ ᠪᠠ ᠭᠠᠳᠠᠭᠠᠳᠤ ᠠᠷᠠᠯᠵᠢᠶᠠᠨ ᠤ ᠨᠢᠭᠡ ᠪᠦᠯᠦᠭ ᠰᠢᠯᠢᠳᠡᠭ | ᠠᠵᠤ ᠠᠬᠤᠶᠢᠯᠠᠯ ᠢ ᠪᠤᠶᠢᠵᠢᠭᠤᠯᠤᠨ᠎ᠠ︔ ᠠᠵᠤ ᠠᠬᠤᠶᠢᠯᠠᠯ ᠳᠤ ᠬᠤᠯᠪᠣᠭᠳᠠᠬᠤ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠲᠤᠰᠬᠠᠢ ᠠᠵᠢᠯᠯᠠᠭᠠᠨ ᠢ | ᠦᠷᠭᠦᠯᠵᠢᠯᠡᠨ ᠥᠷᠨᠢᠭᠦᠯᠵᠦ᠂ ᠵᠠᠬ᠎ᠠ ᠳᠡᠯᠭᠡᠭᠦᠷ ᠤᠨ ᠨᠢᠭᠡᠳᠦᠯᠲᠡᠢ ᠪᠠᠶᠢᠬᠤ ᠳᠤ ᠠᠰᠢᠭᠲᠠᠢ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ᠂ ᠲᠤᠭ᠎ᠠ ᠪᠦᠷᠢᠳᠬᠡᠯ ᠤᠨ | ᠲᠣᠭᠠᠴᠠᠭ᠎ᠠ ᠬᠢᠬᠦ ᠳᠦᠷᠢᠮ ᠪᠠ ᠢᠲᠡᠭᠡᠮᠵᠢ ᠶᠢᠨ ᠲᠣᠭᠲᠠᠯᠴᠠᠭ᠎ᠠ ᠶᠢ ᠪᠦᠷᠢᠨᠰᠢᠭᠦᠯᠦᠨ᠎ᠡ︔ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ ᠠᠵᠢᠯ ᠤᠨ | ᠪᠦᠲᠦᠮᠵᠢ ᠶᠢᠨ ᠲᠤᠬᠠᠢ ᠵᠥᠪ ᠦᠵᠡᠯᠲᠡ ᠶᠢ ᠪᠣᠢ ᠪᠣᠯᠭᠠᠬᠤ ᠪᠥᠭᠡᠳ ᠲᠡᠭᠦᠨ ᠢ ᠦᠢᠯᠡᠳᠦᠯᠭᠡᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠰᠢᠯᠭᠠᠨ ᠬᠢᠨᠠᠬᠤ | ᠲᠣᠭᠲᠠᠯᠴᠠᠭ᠎ᠠ ᠪᠠ ᠺᠠᠳ᠋ᠷᠴᠤᠳ ᠤᠨ ᠠᠵᠢᠯ ᠤᠨ ᠪᠦᠲᠦᠮᠵᠢ ᠶᠢ ᠰᠢᠯᠭᠠᠨ ᠬᠢᠨᠠᠵᠤ ᠦᠨᠡᠯᠡᠬᠦ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ ᠭᠡᠵᠡᠢ᠃ | ᠬᠤᠷᠠᠯᠳᠤᠭᠠᠨ ᠢᠶᠠᠷ ᠴᠢᠬᠤᠯᠠᠴᠢᠯᠠᠬᠤ ᠳᠤ ᠪᠠᠨ᠂ ᠲᠠᠯᠠᠢ ᠲᠠᠩᠭᠢᠰ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ᠂ ᠰᠢᠨ᠎ᠡ | ᠡᠭᠦᠳᠦᠯᠲᠡ ᠪᠠᠷ ᠬᠥᠳᠡᠯᠭᠡᠭᠦᠷ ᠪᠣᠯᠭᠠᠬᠤ᠂ ᠥᠨᠳᠥᠷ ᠪᠦᠲᠦᠮᠵᠢᠲᠡᠢ ᠬᠠᠮᠵᠢᠯᠴᠠᠬᠤ᠂ ᠠᠵᠤ ᠦᠢᠯᠡᠰ ᠤᠨ ᠰᠢᠨᠡᠴᠢᠯᠡᠯᠲᠡ᠂ ᠬᠥᠮᠥᠨ ᠪᠠ ᠳᠠᠯᠠᠢ ᠲᠠᠩᠭᠢᠰ ᠤᠨ ᠡᠶ᠎ᠡ | ᠵᠣᠬᠢᠴᠠᠯ᠂ ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ ᠬᠦᠷᠳᠡᠬᠦ ᠵᠡᠷᠭᠡ ᠶᠢ ᠨᠡᠩ ᠴᠢᠬᠤᠯᠠᠴᠢᠯᠠᠨ᠎ᠠ ᠭᠡᠵᠡᠢ᠃ | ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠲᠠᠯᠠᠢ ᠲᠠᠩᠭᠢᠰ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ᠂ ᠦᠵᠦ | ᠲᠥᠯᠥᠪᠯᠡᠭᠡ ᠶᠢ ᠴᠢᠩᠭᠠᠳᠬᠠᠵᠤ᠂ ᠲᠦᠷᠦ ᠶᠢᠨ ᠪᠣᠳᠣᠯᠭ᠎ᠠ ᠪᠠᠷ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠲᠠᠯᠠᠢ ᠲᠠᠩᠭᠢᠰ ᠤᠨ ᠠᠵᠤ ᠠᠬᠤᠢ ᠶᠢᠨ | ᠬᠥᠭᠵᠢᠯᠲᠡ ᠳᠤ ᠨᠡᠶᠢᠭᠡᠮ ᠤᠨ ᠬᠥᠭᠵᠢᠯᠲᠡ ᠶᠢᠨ ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠵᠤ ᠬᠥᠲᠥᠯᠥᠨ ᠵᠢᠯᠣᠭᠤᠳᠤᠨ᠎ᠠ᠃ ᠲᠠᠯᠠᠢ ᠲᠠᠩᠭᠢᠰ ᠤᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠳᠠᠬᠢ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠵᠦ᠂ ᠲᠠᠯᠠᠢ ᠲᠠᠩᠭᠢᠰ ᠤᠨ ᠪᠠᠶᠢᠯᠳᠤᠬᠤ ᠪᠣᠳᠣᠯᠭ᠎ᠠ ᠶᠢᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠨ ᠢ ᠴᠢᠩᠭᠠᠷᠠᠭᠤᠯᠵᠤ᠂ ᠲᠠᠯᠠᠢ ᠲᠠᠩᠭᠢᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠭᠠᠭᠤᠯᠤᠭᠴᠢ | ᠠᠵᠤ ᠠᠬᠤᠶᠢᠯᠠᠯ ᠪᠠ ᠲᠤᠰᠬᠠᠢ ᠨᠠᠷᠢᠯᠢᠭ ᠣᠨᠴᠠ ᠰᠢᠨ᠎ᠡ ᠪᠦᠬᠦᠢ ᠳᠤᠮᠳᠠ ᠵᠢᠵᠢᠭ ᠠᠵᠤ ᠠᠬᠤᠶᠢᠯᠠᠯ ᠢ ᠪᠤᠶᠢᠵᠢᠭᠤᠯᠤᠨ ᠬᠥᠭᠵᠢᠭᠦᠯᠦᠨ᠎ᠡ᠃ ᠳᠠᠯᠠᠢ ᠲᠠᠩᠭᠢᠰ ᠤᠨ | ᠠᠵᠤ ᠦᠢᠯᠡᠰ ᠢ ᠬᠦᠴᠦᠷᠬᠡᠭᠵᠢᠭᠦᠯᠦᠨ ᠰᠢᠯᠢᠳᠡᠭᠵᠢᠭᠦᠯᠦᠨ ᠪᠤᠵᠠᠭᠠᠶᠢᠷᠠᠭᠤᠯᠵᠤ᠂ ᠳᠠᠯᠠᠢ ᠳᠡᠭᠡᠷᠡᠬᠢ ᠰᠠᠯᠬᠢᠨ ᠬᠦᠴᠦᠨ ᠤ ᠴᠠᠬᠢᠯᠭᠠᠨ ᠤ ᠵᠢᠷᠤᠮᠵᠢᠭᠤᠨ ᠡᠮᠬᠢ | ᠳᠢᠭᠯᠢᠮ ᠲᠠᠢ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠠᠯᠤᠰ ᠳᠠᠯᠠᠢ ᠳᠤ ᠣᠳᠣᠬᠢᠴᠢᠯᠠᠭᠰᠠᠨ ᠠᠩᠨᠠᠨ ᠱᠦᠭᠦᠬᠦ ᠶᠢ ᠬᠥᠭᠵᠢᠭᠦᠯᠵᠦ᠂ ᠳᠠᠯᠠᠢ ᠲᠠᠩᠭᠢᠰ ᠤᠨ | ᠠᠮᠢᠳᠤ ᠪᠣᠳᠠᠰ ᠤᠨ ᠡᠮ ᠡᠮᠨᠡᠯᠭᠡ᠂ ᠠᠮᠢᠳᠤ ᠪᠣᠳᠠᠰ ᠤᠨ ᠪᠦᠲᠦᠭᠡᠭᠳᠡᠬᠦᠨ ᠢ ᠬᠥᠭᠵᠢᠭᠦᠯᠵᠦ᠂ ᠳᠠᠯᠠᠢ ᠲᠠᠩᠭᠢᠰ ᠤᠨ ᠣᠨᠴᠠᠯᠢᠭᠲᠤ ᠰᠣᠶᠣᠯ ᠪᠠ ᠵᠢᠭᠤᠯᠴᠢᠯᠠᠯ ᠤᠨ | ᠬᠠᠷᠠᠯᠲᠠ ᠪᠣᠯᠬᠤ ᠣᠷᠣᠨ ᠢ ᠴᠣᠭᠴᠠᠯᠠᠵᠤ᠂ ᠳᠠᠯᠠᠢ ᠶᠢᠨ ᠲᠡᠭᠡᠭᠡᠪᠦᠷᠢ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠲᠠᠯᠠᠢ ᠶᠢᠨ | ᠪᠤᠯᠤᠩ ᠤᠨ ᠠᠵᠤ ᠠᠬᠤᠢ ᠶᠢᠨ ᠬᠥᠭᠵᠢᠯᠲᠡ ᠶᠢᠨ ᠲᠥᠯᠦᠪᠵᠢᠭᠦᠯᠭᠡ ᠶᠢᠨ ᠰᠤᠳᠤᠯᠤᠯ ᠢ ᠴᠢᠩᠭᠠᠳᠬᠠᠵᠤ᠂ ᠲᠠᠯᠠᠢ ᠳᠠᠭᠠᠤ ᠭᠠᠷᠠᠮ ᠤᠨ ᠪᠥᠭᠡᠮᠨᠡᠷᠡᠯ ᠢ | ᠰᠢᠯᠢᠳᠡᠭᠵᠢᠭᠦᠯᠦᠨ ᠨᠡᠶᠢᠳᠬᠡᠬᠦ ᠠᠵᠢᠯ ᠢ ᠡᠮᠬᠢ ᠵᠢᠷᠤᠮ ᠲᠠᠢ ᠪᠠᠷ ᠠᠬᠢᠭᠤᠯᠤᠨ᠎ᠠ᠃ ᠳᠠᠯᠠᠢ ᠲᠠᠩᠭᠢᠰ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ | ᠴᠢᠩᠭᠠᠳᠬᠠᠵᠤ᠂ ᠭᠤᠣᠯᠳᠠᠯᠭ᠎ᠠ ᠪᠣᠯᠬᠤ ᠳᠠᠯᠠᠢ ᠶᠢᠨ ᠣᠷᠣᠨ ᠳᠠᠬᠢ ᠶᠡᠷᠦᠩᠬᠡᠶᠢᠯᠡᠭᠰᠡᠨ ᠵᠠᠰᠠᠯᠲᠠ ᠶᠢ ᠦᠷᠭᠦᠯᠵᠢᠯᠡᠨ ᠬᠡᠷᠡᠭᠵᠢᠭᠦᠯᠵᠦ᠂ ᠳᠠᠯᠠᠢ ᠶᠢᠨ ᠣᠷᠣᠨ ᠢ | ᠳᠠᠪᠬᠤᠷᠭ᠎ᠠ ᠬᠤᠪᠢᠶᠠᠨ ᠪᠣᠰᠤᠭ᠎ᠠ ᠴᠣᠭᠴᠠ ᠪᠠᠷ ᠠᠰᠢᠭᠯᠠᠬᠤ ᠶᠢ ᠢᠳᠡᠪᠬᠢᠲᠡᠢ ᠠᠬᠢᠭᠤᠯᠵᠤ᠂ ᠳᠠᠯᠠᠢ ᠲᠠᠩᠭᠢᠰ ᠤᠨ ᠨᠡᠭᠦᠷᠡᠰᠦᠲᠥ᠋ᠷᠥᠭᠴᠢ ᠶᠢᠨ ᠬᠤᠷᠠᠮᠳᠤᠯ ᠳᠤ | ᠲᠣᠭᠠᠴᠠᠭ᠎ᠠ ᠬᠢᠬᠦ ᠶᠢ ᠰᠦᠪᠡᠭᠴᠢᠯᠡᠨ ᠥᠷᠨᠢᠭᠦᠯᠦᠨ᠎ᠡ᠃ ᠪᠦᠬᠦ ᠪᠥᠮᠪᠥᠷᠴᠡᠭ ᠤᠨ ᠳᠠᠯᠠᠢ ᠲᠠᠩᠭᠢᠰ ᠤᠨ ᠵᠠᠰᠠᠯᠲᠠ ᠳᠤ ᠭᠦᠨᠵᠡᠭᠡᠢ ᠣᠷᠣᠯᠴᠠᠵᠤ᠂ ᠪᠦᠬᠦ | ᠪᠥᠮᠪᠥᠷᠴᠡᠭ ᠤᠨ ᠳᠠᠯᠠᠢ ᠲᠠᠩᠭᠢᠰ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠪᠠᠶᠢᠴᠠᠭᠠᠯᠲᠠ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ᠂ ᠬᠥᠬᠡ ᠠᠵᠤ | ᠠᠬᠤᠢ ᠶᠢᠨ ᠬᠠᠮᠲᠤᠷᠠᠯᠴᠠᠭ᠎ᠠ ᠶᠢ ᠴᠢᠩᠭᠠᠳᠬᠠᠨ᠎ᠠ ᠭᠡᠵᠡᠢ᠃ | ᠲᠥᠪ ᠤᠨ ᠡᠳ᠋ ᠤᠨ ᠵᠠᠰᠠᠭ ᠠᠵᠤ ᠠᠬᠤᠢ ᠶᠢᠨ ᠬᠤᠷᠢᠶᠠᠨ ᠤ ᠭᠡᠰᠢᠭᠦᠳ ᠲᠣᠰ ᠬᠤᠷᠠᠯᠳᠤᠭᠠᠨ ᠳᠤ ᠣᠷᠣᠯᠴᠠᠵᠤ᠂ ᠲᠥᠪ ᠤᠨ ᠪᠠ ᠲᠦᠷᠦ ᠶᠢᠨ | ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯᠳᠤᠭᠠᠨ ᠳᠤ ᠰᠤᠯᠠ ᠣᠷᠣᠯᠴᠠᠪᠠ᠃ | |