ᠲᠢᠶᠠᠨ ᠶᠦᠩ ᠰᠢᠶᠠᠩ ᠠᠷᠪᠠᠨ ᠨᠢᠭᠡᠳᠦᠭᠡᠷ ᠬᠤᠭᠤᠴᠠᠭᠠᠨ ᠤ ᠪᠦᠬᠦ ᠣᠷᠣᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤ ᠪᠠᠭᠠᠷᠢᠨ ᠪᠠᠷᠠᠭᠤᠨ ᠬᠤᠰᠢᠭᠤᠨ ᠤ ᠬᠤᠪᠢᠶᠠᠷᠢ ᠤᠷᠤᠯᠳᠤᠭᠠᠨ ᠤ ᠲᠠᠯᠠᠪᠠᠢ ᠶᠢᠨ ᠪᠡᠯᠡᠳᠬᠡᠯ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/7/3
      7 ᠰᠠᠷ᠎ᠠ ᠶᠢᠨ 2᠎ ᠎ ᠤ ᠡᠳᠦᠷ ᠤᠨ ᠦᠳᠡ ᠶᠢᠨ ᠡᠮᠦᠨ᠎ᠡ᠂  ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂  ᠬᠤᠰᠢᠭᠤᠨ ᠤ ᠵᠠᠰᠠᠭ ᠤᠨ ᠣᠷᠳᠣᠨ ᠤ  ᠬᠤᠰᠢᠭᠤᠨ ᠳᠠᠷᠤᠭ᠎ᠠ ᠲᠢᠶᠠᠨ ᠶᠦᠩ ᠰᠢᠶᠠᠩ ᠠᠷᠪᠠᠨ ᠨᠢᠭᠡᠳᠦᠭᠡᠷ ᠬᠤᠭᠤᠴᠠᠭᠠᠨ ᠤ ᠪᠥᠬᠦ ᠣᠷᠣᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤ ᠪᠠᠭᠠᠷᠢᠨ ᠪᠠᠷᠠᠭᠤᠨ ᠬᠤᠰᠢᠭᠤᠨ ᠤ ᠬᠤᠪᠢᠶᠠᠷᠢ ᠤᠷᠤᠯᠳᠤᠭᠠᠨ ᠤ ᠲᠠᠯᠠᠪᠠᠶ ᠶᠢᠨ ᠪᠡᠯᠡᠳᠬᠡᠯ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃       ᠬᠤᠷᠠᠯ ᠠᠴᠠ ᠡᠯ᠎ᠡ ᠠᠵᠢᠯᠯᠠᠬᠤ ᠳᠤᠭᠤᠶᠢᠯᠠᠩ ᠤᠨ ᠪᠡᠯᠡᠳᠬᠡᠯ ᠠᠵᠢᠯ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃       ᠲᠢᠶᠠᠨ ᠶᠦᠩ ᠰᠢᠶᠠᠩ ᠵᠢᠭᠠᠵᠤ ᠭᠠᠷᠭᠠᠭᠰᠠᠨ ᠨᠢ᠂ ᠬᠤᠪᠢᠶᠠᠷᠢ ᠲᠠᠯᠠᠪᠤᠷ ᠤᠨ ᠤᠷᠤᠯᠳᠤᠭᠠᠨ ᠡᠬᠢᠯᠡᠬᠦ ᠪᠣᠯᠲᠠᠯ᠎ᠠ 20 ᠡᠳᠦᠷ ᠬᠥᠷᠬᠦ ᠥᠬᠡᠶ ᠪᠠᠶᠢᠵᠤ᠂ ᠣᠳᠣᠬᠠᠨ ᠳᠤ ᠡᠯ᠎ᠡ ᠵᠦᠢᠯ ᠤᠨ ᠪᠡᠯᠡᠳᠬᠡᠯ ᠠᠵᠢᠯ ᠰᠢᠪᠲᠤᠯᠤᠯᠲᠠ ᠶᠢᠨ ᠱᠠᠲᠤᠨ ᠳᠤ ᠣᠷᠣᠪᠠ᠂ ᠪᠥᠬᠦ ᠬᠤᠰᠢᠭᠤᠨ ᠤ ᠳᠡᠭᠡᠳᠦ ᠳᠤᠤᠷᠠᠳᠤ ᠱᠠᠲᠤ ᠪᠠᠷ ᠢᠶᠠᠨ ︽ᠨᠢᠭᠡ ᠬᠥᠯᠭᠡ ᠰᠢᠲᠠᠷ᠎ᠠ︾᠎ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠠᠰᠠᠭᠤᠳᠠᠯ ᠳᠤ ᠰᠢᠭᠤᠳ ᠬᠠᠨᠳᠤᠨ᠂ ᠨᠢᠭᠡ ᠠᠴᠠ ᠨᠥᠭᠦᠭᠡ ᠶᠢ  ᠵᠦᠢᠴᠢᠯᠡᠨ ᠮᠡᠳᠡᠵᠦ᠂ ᠳᠤᠲᠠᠭᠤᠳᠠᠯ ᠢ ᠨᠥᠬᠦᠪᠥᠷᠢᠯᠡᠨ᠂ ᠦᠢᠯᠡᠴᠢᠯᠡᠭᠡ ᠪᠠᠲᠤᠯᠠᠭ᠎ᠠ ᠪᠠ ᠦᠷ᠎ᠡ ᠳ᠋ᠦᠩ ᠤᠨ ᠤᠳᠤᠷᠢᠳᠤᠮᠵᠢ ᠶᠢ ᠴᠢᠩᠭᠠᠳᠬᠠᠵᠤ᠂ ᠪᠦᠯᠬᠦᠮᠳᠡᠨ ᠳᠠᠪᠰᠢᠬᠤ᠂ ᠡᠶ᠎ᠡ ᠵᠣᠬᠢᠴᠠᠩᠭᠤᠶ ᠭᠤᠶᠢᠳᠠ ᠰᠠᠶᠢᠬᠠᠨ᠂ ᠠᠷᠪᠢᠴᠢ ᠭᠠᠮᠲᠠᠶ ᠪᠣᠳᠠᠲᠠᠶ ᠶᠢ ᠡᠷᠬᠢᠮᠯᠡᠬᠦ᠂ ᠠᠮᠤᠷ ᠲᠦᠪᠰᠢᠨ ᠡᠮᠬᠢ ᠵᠢᠷᠤᠮ ᠲᠠᠢ ᠪᠠᠶᠢᠬᠤ ᠵᠠᠷᠴᠢᠮ ᠢ ᠪᠠᠷᠢᠮᠲᠠᠯᠠᠵᠤ᠂ ᠪᠡᠶ᠎ᠡ ᠶᠢᠨ ᠲᠠᠮᠢᠷ ᠤᠨ ᠴᠤᠭᠯᠠᠭᠠᠨ ᠤ ᠡᠯ᠎ᠡ ᠵᠦᠢᠯ ᠤᠨ ᠪᠡᠯᠡᠳᠬᠡᠯ ᠠᠵᠢᠯ ᠢ ᠴᠢᠨᠠᠷ ᠰᠠᠶᠢᠲᠠᠶ᠂ ᠥᠨᠳᠥᠷ ᠪᠠᠷᠢᠮᠵᠢᠶ᠎ᠠ ᠪᠠᠷ ᠳᠥᠯᠭᠢᠨ ᠠᠬᠢᠭᠤᠯᠬᠤ ᠬᠡᠷᠡᠭᠲᠡᠶ ᠭᠡᠪᠡ᠃
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ